ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠤᠬᠠᠶ ᠰᠠᠨᠠᠯ︾ ᠪᠠ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠭᠦᠨᠵᠡᠭᠡᠶ | ᠳᠣᠣᠱᠯᠠᠭᠤᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠡᠯ᠎ᠡ ᠵᠦᠢᠯ ᠤᠨ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠴᠢᠩᠭᠠᠳᠬᠠᠬᠤ ᠶᠢᠨ ᠲᠥᠯᠥᠭᠡ᠂ ᠠᠯᠠᠱᠠ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢ ᠴᠢᠩᠭᠠᠳᠬᠠᠨ | ᠰᠠᠶᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ | ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠪᠦᠲᠦᠭᠡᠯᠴᠢ ᠴᠢᠨᠠᠷᠲᠠᠶ ᠣᠯᠠᠷᠢᠭᠤᠯᠣᠯᠳᠠ᠂ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ | ᠠᠬᠢᠭᠤᠯᠤᠨ᠎ᠠ︔ ᠰᠣᠶᠣᠯ ᠢᠶᠠᠷ ᠵᠢᠭᠤᠯᠴᠢᠯᠠᠯ ᠢ ᠪᠣᠢ ᠪᠣᠯᠭᠠᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ | ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ︵ᠬᠤᠶᠠᠷ︶ ᠶᠡᠷᠦᠩᠬᠡᠶ ᠬᠠᠷᠠᠯᠲᠠ᠃ 2025 ᠣᠨ ᠪᠣᠯᠬᠤ ᠳᠤ᠂ ᠪᠥᠬᠦ ᠠᠶᠢᠮᠠᠭ ᠤᠨ ᠵᠢᠭᠤᠯᠴᠢᠯᠠᠯ ᠤᠨ | ᠴᠢᠨᠠᠷ ᠰᠠᠶᠢᠲᠠᠶ ᠬᠠᠩᠭᠠᠯᠭ᠎ᠠ ᠶᠢ ᠨᠠᠩ ᠪᠠᠶᠠᠯᠢᠭᠵᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠭᠤᠯᠴᠢᠯᠠᠯ ᠤᠨ ᠰᠠᠭᠤᠷᠢ | ᠲᠥᠬᠦᠭᠡᠷᠦᠮᠵᠢ ᠶᠢ ᠢᠯᠡᠳᠲᠡ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠨᠠᠩ ᠥᠷᠭᠡᠨ ᠳᠡᠯᠭᠡᠷ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠷᠢᠯᠴᠠᠨ ᠠᠭᠤᠰᠤᠯᠴᠠᠬᠤ ᠮᠠᠶ᠋ᠢᠭ ᠤᠨ ᠬᠥᠭᠵᠢᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠦᠰᠡᠯᠡᠩ᠂ | ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠲᠠᠰᠤᠷᠠᠯᠲᠠ | ᠥᠬᠡᠶ ᠪᠠᠬᠢᠵᠢᠭᠦᠯᠵᠦ᠂ ᠵᠢᠭᠤᠯᠴᠢᠯᠠᠯ ᠤᠨ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠶᠤᠨ ᠤ ᠬᠦᠴᠦᠨ ᠢ | ᠨᠡᠮᠡᠭᠳᠡᠭᠦᠯᠬᠦ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠬᠤ ᠵᠡᠷᠭᠡ | ᠲᠠᠯ᠎ᠠ ᠶᠢᠨ ᠦᠢᠯᠡᠳᠦᠯ ᠢ ᠨᠠᠩ ᠲᠣᠪᠤᠶᠢᠮ᠎ᠠ ᠪᠣᠯᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ | ᠠᠭᠤᠯᠤᠭᠳᠠᠬᠤᠨ ᠢ ᠣᠷᠣᠭᠤᠯᠣᠨ᠎ᠠ | ᠵᠢᠭᠤᠯᠴᠢᠯᠠᠯ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤᠮᠳᠠᠬᠢ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠬᠠᠭᠤᠯᠭ᠎ᠠ ᠬᠥᠮᠦᠵᠢᠯ ᠤᠨ | ᠴᠢᠳᠠᠪᠬᠢ ᠶᠢ ᠴᠢᠨᠠᠭᠰᠢᠳᠠ ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ | ᠰᠢᠨ᠎ᠡ ᠠᠭᠤᠯᠤᠭᠳᠠᠬᠤᠨ ᠨᠡᠮᠡᠷᠢᠯᠡᠨ᠎ᠡ᠃ | 1. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠬᠦ ᠲᠠᠯ᠎ᠠ ᠪᠠᠷ ᠳᠡᠯᠭᠡᠨ ᠦᠵᠡᠭᠦᠯᠦᠨ᠎ᠡ᠃ A | ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ᠂ | ᠠᠵᠢᠯᠯᠠᠭ᠎ᠠ ᠶᠢ ᠲᠥᠰᠦᠪᠯᠡᠨ ᠵᠣᠬᠢᠶᠠᠨ ᠪᠠᠶᠢᠭᠤᠯᠬᠤ᠂ ᠳᠡᠯᠭᠡᠨ ᠦᠵᠡᠭᠦᠯᠬᠦ᠂ ᠵᠠᠮᠴᠢᠯᠠᠭᠴᠢ ᠲᠠᠶᠢᠯᠪᠤᠷᠢᠯᠠᠬᠤ᠂ | ᠵᠢᠭᠤᠯᠴᠢᠯᠠᠯ ᠤᠨ ᠲᠣᠭᠯᠠᠯᠲᠠ ᠵᠡᠷᠭᠡ ᠡᠯ᠎ᠡ ᠲᠠᠯ᠎ᠠ ᠳᠤ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ | ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠦᠬᠦ ᠲᠠᠯ᠎ᠠ ᠪᠠᠷ | ᠪᠤᠢ ᠪᠣᠯᠭᠠᠬᠤ ᠪᠠ ᠲᠤᠪᠤᠶᠢᠯᠭᠠᠵᠤ᠂ ᠦᠨᠳᠦᠰᠦᠲᠡᠨ ᠨᠦᠭᠦᠳ ᠬᠠᠮᠲᠤ ᠪᠠᠷ ᠥᠷᠭᠡᠨ ᠠᠭᠤᠳᠠᠮ ᠬᠢᠯᠢ ᠬᠢᠵᠠᠭᠠᠷ ᠢ | ᠨᠡᠭᠡᠭᠡᠵᠦ᠂ ᠥᠨᠢ ᠤᠳᠠᠭᠠᠨ ᠲᠡᠦᠬᠡ ᠶᠢ ᠬᠠᠮᠲᠤ ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠰᠣᠶᠣᠯ ᠢ ᠬᠠᠮᠲᠤ ᠪᠠᠷ | ᠪᠦᠲᠦᠭᠡᠵᠦ᠂ ᠠᠭᠤᠤ ᠶᠡᠭᠡ ᠵᠣᠷᠢᠭ ᠰᠠᠨᠠᠭ᠎ᠠ ᠶᠢ ᠬᠠᠮᠲᠤ ᠪᠠᠷ ᠪᠤᠶᠢᠵᠢᠭᠤᠯᠬᠤ ᠪᠠᠷ ᠭᠤᠣᠯ ᠠᠭᠤᠯᠭ᠎ᠠ ᠪᠣᠯᠭᠠᠭᠰᠠᠨ | ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠲᠤᠬᠠᠢ ᠵᠥᠪ ᠦᠵᠡᠯᠲᠡ ᠶᠢ ᠲᠥᠪᠯᠡᠷᠡᠭᠦᠯᠦᠨ ᠢᠯᠡᠷᠡᠭᠦᠯᠵᠦ᠂ | ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠮᠵᠢ︾᠂ ︽ᠲᠦᠷᠪᠡᠨ ᠬᠠᠮᠲᠤ ᠶᠢᠨ ᠲᠠᠨᠢᠯᠲᠠ︾ ᠶᠢ | ᠬᠥᠮᠦᠰ ᠤᠨ ᠰᠡᠳᠬᠢᠯ ᠳᠤ ᠨᠡᠩ ᠭᠦᠨ ᠬᠤᠨᠣᠭᠰᠢᠭᠤᠯᠣᠨ᠎ᠠ᠃ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ | ᠲᠣᠭᠯᠠᠯᠲᠠ᠂ ᠰᠠᠪᠠᠷᠳᠠᠩ᠂ ᠲᠣᠪᠰᠢᠭᠤᠷ ᠤᠨ ᠲᠣᠭᠯᠠᠯᠲᠠ ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠲᠣᠭᠯᠠᠯᠲᠠ ᠵᠡᠷᠭᠡ ᠶᠢ ᠢᠳᠡᠪᠬᠢᠲᠡᠶ ᠪᠠᠷ ᠪᠤᠶᠢᠵᠢᠭᠤᠯᠤᠨ ᠳᠡᠮᠵᠢᠨ᠎ᠡ᠃ | 2. ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠦᠨ᠎ᠡ᠃ | ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ ᠤᠨ ᠵᠣᠷᠢᠭ ᠰᠠᠨᠠᠭᠠᠨ ᠤ ᠤᠳᠤᠮᠰᠢᠯ ᠢ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ | ᠠᠰᠢᠭᠯᠠᠵᠤ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠵᠦ᠂ ᠬᠤᠪᠢᠰᠬᠠᠯ ᠤᠨ ᠵᠢᠭᠤᠯᠴᠢᠯᠠᠯ ᠢ | ᠬᠥᠭᠵᠢᠭᠦᠯᠦᠨ᠎ᠡ︔ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ | ᠵᠢᠭᠤᠯᠴᠢᠯᠠᠯ ᠤᠨ ᠠᠵᠢᠯᠯᠠᠭ᠎ᠠ᠂ ᠵᠢᠭᠤᠯᠴᠢᠯᠠᠯ ᠤᠨ ᠤᠬᠠᠭᠤᠯᠭ᠎ᠠ᠂ ᠵᠢᠭᠤᠯᠴᠢᠯᠠᠯ ᠤᠨ ᠲᠠᠶᠢᠯᠪᠤᠷᠢᠯᠠᠯᠲᠠ᠂ | ᠵᠢᠭᠤᠯᠴᠢᠯᠠᠯ ᠤᠨ ᠤᠷᠠᠨ ᠲᠣᠭᠯᠠᠯᠲᠠ᠂ ᠵᠢᠭᠤᠯᠴᠢᠯᠠᠯ ᠤᠨ ᠰᠣᠶᠣᠯ ᠤᠨ ᠡᠭᠦᠳᠦᠯᠲᠡ ᠵᠡᠷᠭᠡ ᠡᠯ᠎ᠡ ᠲᠠᠯ᠎ᠠ ᠳᠤ | ᠠᠭᠤᠰᠤᠯᠴᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ | ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠪᠦᠯᠬᠦᠮᠳᠡᠨ ᠲᠡᠮᠡᠴᠡᠬᠦ | ᠦᠵᠡᠯ ᠰᠠᠨᠠᠭ᠎ᠠ ᠶᠣᠰᠣ ᠰᠤᠷᠲᠠᠬᠤᠨ ᠤ ᠰᠠᠭᠤᠷᠢ ᠶᠢ ᠪᠠᠲᠤᠳᠬᠠᠨ᠎ᠠ᠃ ᠪᠣᠯᠪᠠᠰᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠥᠷᠨᠢᠭᠦᠯᠵᠦ᠂ ︽ᠠᠷᠪᠠᠨ ᠰᠢᠯᠢᠳᠡᠭ︾ ᠪᠣᠯᠪᠠᠰᠤᠨ ᠵᠤᠭᠠᠴᠠᠭᠰᠠᠳ᠂ ︽ᠠᠷᠪᠠᠨ ᠰᠢᠯᠢᠳᠡᠭ︾ ᠪᠣᠯᠪᠠᠰᠤᠨ | ᠵᠠᠮᠴᠢᠯᠠᠭᠴᠢ ᠵᠢᠴᠢ ᠦᠢᠯᠡᠴᠢᠯᠡᠭᠡᠨ ᠤ ᠠᠵᠢᠯᠲᠠᠨ ᠢ ᠰᠣᠩᠭᠤᠨ ᠪᠣᠶ ᠪᠣᠯᠭᠠᠵᠤ᠂ ᠪᠥᠬᠦ ᠠᠶᠢᠮᠠᠭ ᠤᠨ | ᠵᠢᠭᠤᠯᠴᠢᠯᠠᠯ ᠤᠨ ᠠᠵᠢᠯ ᠲᠥᠷᠥᠯ ᠳᠤ ᠪᠣᠯᠪᠠᠰᠤᠨ᠂ ᠡᠶ᠎ᠡ ᠵᠣᠬᠢᠴᠠᠯ ᠲᠠᠢ᠂ ᠨᠥᠬᠦᠷᠰᠡᠭ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠎ᠠ᠃ | 3. ᠴᠢᠨᠡᠭᠡᠯᠢᠭ ᠨᠡᠶᠢᠭᠡᠮ ᠢ ᠪᠠᠶᠢᠭᠤᠯᠬᠤ ᠠᠭᠤᠤ ᠶᠡᠭᠡ ᠠᠮᠵᠢᠯᠲᠠ ᠶᠢ ᠭᠦᠨᠵᠡᠭᠡᠶ ᠤᠬᠠᠭᠤᠯᠤᠨ᠎ᠠ᠃ | ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ᠂ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠳᠤᠮᠳᠠ᠂ ᠦᠨᠳᠦᠰᠦᠲᠡᠨ ᠨᠦᠭᠦᠳ ᠤᠨ ᠬᠠᠮᠲᠤ ᠪᠠᠷ ᠲᠡᠮᠡᠴᠡᠬᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠠᠮᠵᠢᠯᠲᠠ ᠶᠢ ᠲᠥᠪᠯᠡᠷᠡᠭᠦᠯᠦᠨ ᠢᠯᠡᠷᠡᠬᠦᠯᠦᠨ᠎ᠡ᠃ ᠠᠯᠠᠱᠠ ᠵᠡᠭᠦᠨ | ᠬᠤᠰᠢᠭᠤᠨ ᠤ ᠪᠠᠶᠠᠨᠬᠤᠲᠠ ᠪᠠᠯᠭᠠᠰᠤᠨ ᠤ ᠪᠠᠶᠠᠨᠬᠦ᠋ᠳᠡᠭᠡ ᠭᠠᠴᠠᠭ᠎ᠠ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ | ᠵᠢᠷᠠᠨ ᠪᠠᠯᠭᠠᠰᠤᠨ ᠤ ᠡᠬᠢᠨᠬᠤᠳᠳᠤᠭ ᠭᠠᠴᠠᠭ᠎ᠠ᠂ ᠡᠵᠡᠨ᠎ᠡ ᠬᠤᠰᠢᠭᠤᠨ ᠤ ᠪᠠᠶᠠᠨᠲᠤᠤᠷᠠᠢ ᠰᠤᠮᠤ ᠶᠢᠨ ᠳᠦᠢᠷᠡᠮ ᠤᠨ | ᠲᠤᠤᠷᠠᠢ ᠭᠠᠴᠠᠭ᠎ᠠ ᠵᠡᠷᠭᠡ ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠢ | ᠪᠤᠶᠢᠵᠢᠭᠤᠯᠬᠤ ᠶᠢ ᠵᠣᠷᠢᠭᠵᠢᠭᠤᠯᠤᠨ ᠳᠡᠮᠵᠢᠵᠦ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ᠂ ᠬᠥᠳᠡᠭᠡ | ᠲᠣᠰᠬᠤᠨ ᠤ ᠠᠷᠠᠳ ᠤᠨ ᠰᠠᠭᠤᠴᠠ᠂ ᠬᠥᠳᠡᠭᠡ ᠲᠣᠰᠬᠤᠨ ᠤ ᠠᠮᠠᠷᠠᠯᠲᠠ᠂ ᠪᠣᠬᠢᠷᠲᠤᠯ ᠦᠭᠡᠢ ᠢᠳᠡᠭᠡᠨ ᠤᠮᠳᠠᠭᠠᠨ | ᠂ ᠠᠷᠠᠳ ᠤᠨ ᠵᠠᠩ ᠳᠠᠳᠬᠠᠯ ᠢ ᠣᠶᠢᠯᠠᠭᠠᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ | ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ ᠪᠦᠳᠦᠭᠡᠨ | ᠪᠠᠶᠢᠭᠤᠯᠤᠯᠲᠠ ᠶᠢ ᠳᠡᠮᠵᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠦᠷᠭᠦᠯᠵᠢᠯᠡᠬᠦ ᠬᠥᠭᠵᠢᠯᠲᠡ ᠶᠢᠨ ᠬᠥᠳᠡᠭᠡ ᠲᠣᠰᠬᠤᠨ ᠤ ᠠᠵᠤ ᠦᠢᠯᠡᠰ ᠪᠣᠯᠭᠠᠨ ᠬᠤᠪᠢᠷᠠᠭᠤᠯᠵᠤ᠂ | ᠵᠢᠭᠤᠯᠴᠢᠯᠠᠭᠴᠢᠳ ᠲᠤ ᠨᠠᠮ ᠤᠨ ᠣᠳᠣᠷᠢᠳᠣᠯᠭ᠎ᠠ ᠳᠣᠣᠷ᠎ᠠ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠯᠤᠲᠤ | ᠶᠡᠭᠡ ᠠᠮᠵᠢᠯᠲᠠ ᠪᠦᠲᠦᠮᠵᠢ ᠶᠢ ᠮᠡᠳᠡᠷᠡᠭᠦᠯᠦᠨ᠎ᠡ᠃ | 4. ᠲᠡᠦᠬᠡ ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠪᠠᠷ ᠭᠤᠣᠯ | ᠰᠡᠳᠦᠪ ᠪᠣᠯᠭᠠᠵᠤ᠂ ᠠᠯᠠᠱᠠ ᠠᠶᠢᠮᠠᠭ ᠤᠨ ᠲᠡᠦᠬᠡᠨ ᠳᠡᠭᠡᠷᠡᠬᠢ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡᠨ ᠪᠣᠳᠠᠲᠤ ᠶᠠᠪᠤᠳᠠᠯ᠂ ᠪᠠᠭᠤᠷᠢ ᠶᠢᠨ ᠦᠯᠡᠳᠡᠭᠳᠡᠯ᠂ ᠠᠮᠢᠳᠤᠯᠢᠭ ᠥᠪ ᠬᠥᠷᠥᠩᠭᠡ | ᠵᠡᠷᠭᠡ ᠶᠢ ᠭᠦᠨᠵᠡᠭᠡᠢ ᠠᠭᠤᠳᠠᠯᠤᠨ ᠡᠮᠬᠢᠯᠡᠵᠦ᠂ ᠰᠣᠶᠣᠯ ᠤᠨ ᠥᠪ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ | ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠳᠡᠯᠡᠬᠡᠢ ᠶᠢᠨ ᠰᠣᠶᠣᠯ ᠤᠨ ᠥᠪ᠂ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠭᠤᠣᠯ ᠰᠡᠳᠦᠪᠲᠦ ᠮᠦᠽᠧᠢ᠂ ᠡᠷᠲᠡᠨ ᠤ ᠨᠣᠮ | ᠰᠤᠳᠤᠷ ᠢ ᠳᠡᠯᠭᠡᠨ ᠦᠵᠡᠭᠦᠯᠬᠦ ᠣᠷᠳᠣᠨ᠂ ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠰᠠᠭᠤᠷᠢᠨ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠰᠠᠭᠤᠷᠢᠨ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠵᠠᠮ ᠱᠤᠭᠤᠮ ᠵᠡᠷᠭᠡ ᠰᠣᠶᠣᠯ ᠤᠨ ᠲᠠᠯᠠᠪᠠᠢ ᠣᠷᠳᠣᠨ ᠢ ᠲᠥᠯᠥᠪᠵᠢᠭᠦᠯᠦᠨ ᠪᠠᠶᠢᠭᠤᠯᠵᠤ᠂ | ᠮᠦᠽᠧᠢ ᠳᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ᠂ ᠪᠠᠶᠠᠯᠢᠭ ᠥᠪ ᠬᠥᠷᠥᠩᠭᠡ ᠶᠢ ᠳᠡᠯᠭᠡᠨ ᠦᠵᠡᠭᠦᠯᠵᠦ᠂ | ᠡᠷᠲᠡᠨ ᠤ ᠨᠣᠮ ᠪᠢᠴᠢᠭ ᠲᠠᠬᠢ ᠦᠰᠦᠭ ᠪᠢᠴᠢᠭ ᠢ ︽ᠠᠮᠢᠳᠤᠯᠢᠭ︾ ᠪᠣᠯᠭᠠᠵᠤ᠂ ᠠᠷᠠᠳ ᠤᠯᠠᠨ ᠤ ᠰᠣᠶᠣᠯ | ᠵᠢᠭᠤᠯᠴᠢᠯᠠᠯ ᠤᠨ ᠰᠢᠨ᠎ᠡ ᠠᠬᠤᠢ ᠪᠠᠶᠢᠳᠠᠯ ᠪᠣᠯᠭᠠᠵᠤ᠂ ᠰᠣᠶᠣᠯ ᠤᠨ ᠢᠲᠡᠭᠡᠯ ᠲᠡᠭᠦᠯᠳᠡᠷ ᠢᠶᠠᠷ ᠥᠪᠡᠷ ᠢ ᠪᠠᠨ | ᠬᠦᠴᠦᠷᠬᠡᠭᠵᠢᠭᠦᠯᠬᠦ ᠶᠢ ᠨᠡᠩ ᠰᠠᠶᠢᠲᠤᠷ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ | ᠰᠠᠴᠤᠷᠠᠩᠭᠤᠢ ᠠᠮᠵᠢᠯᠲᠠ ᠶᠢ ᠡᠭᠦᠳᠦᠨ᠎ᠡ᠃ | 5. ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠦᠬᠦ | ᠲᠠᠯ᠎ᠠ ᠪᠠᠷ ᠳᠡᠯᠭᠡᠷᠡᠬᠦᠯᠦᠨ᠎ᠡ᠃ ᠦᠨᠳᠦᠰᠦᠲᠡᠨ ᠨᠦᠭᠦᠳ ᠬᠠᠮᠲᠤᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ | ᠪᠣᠯᠤᠨ ᠳᠦᠷᠢ ᠲᠥᠷᠬᠦ ᠶᠢ ᠪᠤᠶ ᠪᠣᠯᠭᠠᠬᠤ ᠪᠠ ᠳᠣᠪᠤᠶᠢᠯᠭᠠᠵᠤ᠂ ᠤᠯᠤᠰ ᠲᠥᠷᠥ ᠶᠢᠨ ᠴᠢᠨᠠᠷ ᠢᠶᠠᠷ ᠴᠢᠩᠭ᠎ᠠ᠂ | ᠠᠭᠤᠯᠤᠭᠳᠠᠬᠤᠨ ᠪᠠᠶᠠᠯᠢᠭ᠂ ᠤᠳᠬ᠎ᠠ ᠰᠠᠨᠠᠭ᠎ᠠ ᠭᠦᠨ ᠵᠤᠵᠠᠭᠠᠨ᠂ ᠬᠦᠯᠢᠶᠡᠨ ᠠᠪᠬᠤ ᠬᠡᠮᠵᠢᠶ᠎ᠡ ᠪᠠᠷ ᠥᠨᠳᠥᠷ | ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠦᠷᠢ ᠲᠥᠷᠬᠦ ᠶᠢ ᠬᠤᠲᠠ ᠶᠢᠨ ᠴᠡᠴᠡᠷᠯᠢᠭ᠂ ᠵᠢᠭᠤᠯᠴᠢᠯᠠᠯ | ᠰᠡᠯᠡᠭᠦᠴᠡᠯ ᠤᠨ ᠵᠡᠭᠡᠯᠢ ᠲᠣᠭᠤᠷᠢᠭ᠂ ᠰᠣᠶᠣᠯ ᠤᠨ ᠲᠠᠯᠠᠪᠤᠷ ᠣᠷᠳᠣᠨ᠂ ᠦᠵᠡᠮᠵᠢ ᠶᠢᠨ ᠣᠷᠣᠨ ᠤ ᠪᠠᠷᠢᠯᠭ᠎ᠠ᠂ | ᠳᠡᠯᠭᠡᠨ ᠦᠵᠡᠬᠦᠯᠦᠯᠬᠡ᠂ ᠵᠢᠭᠤᠯᠴᠢᠯᠠᠯ ᠤᠨ ᠲᠠᠶᠢᠯᠪᠤᠷᠢᠯᠠᠯᠲᠠ᠂ ᠰᠣᠶᠣᠯ ᠵᠢᠭᠤᠯᠴᠢᠯᠠᠯ ᠤᠨ ᠠᠵᠢᠯᠯᠠᠭ᠎ᠠ᠂ ᠤᠷᠠᠨ | ᠰᠠᠶᠢᠬᠠᠨ ᠤ ᠲᠣᠭᠯᠠᠯᠲᠠ ᠪᠣᠯᠤᠨ ᠵᠢᠭᠤᠯᠴᠢᠯᠠᠯ ᠤᠨ ᠤᠬᠠᠭᠤᠯᠭ᠎ᠠ ᠶᠢᠨ ᠳᠤᠮᠳᠠ ᠥᠷᠭᠡᠨ ᠢᠶᠠᠷ ᠬᠡᠷᠡᠭᠯᠡᠵᠦ᠂ ᠦᠨᠡᠨ | ᠪᠣᠳᠠᠲᠠᠶ ᠦᠷ᠎ᠡ ᠪᠦᠲᠦᠮᠵᠢ ᠲᠠᠢ ᠠᠷᠭ᠎ᠠ ᠬᠡᠯᠪᠡᠷᠢ ᠪᠠᠷ ᠳᠠᠮᠵᠢᠭᠤᠯᠤᠨ ᠳᠤᠮᠳᠠᠳᠤ ᠶᠢᠨ ᠰᠣᠶᠣᠯ ᠤᠨ ᠣᠨᠴᠠᠯᠢᠭ᠂ | ᠳᠤᠮᠳᠠᠳᠤ ᠶᠢᠨ ᠰᠣᠶᠣᠯ ᠤᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠳᠦᠷᠢ ᠲᠥᠷᠬᠦ ᠶᠢᠨ ᠬᠠᠮᠤᠷᠬᠤ | ᠬᠡᠪᠴᠢᠶ᠎ᠡ ᠪᠣᠯᠤᠨ ᠨᠥᠯᠥᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠵᠢᠭᠤᠯᠴᠢᠯᠠᠯ ᠢ ᠳᠤᠮᠳᠠᠳᠤ ᠶᠢᠨ | ᠰᠣᠶᠣᠯ ᠢ ᠣᠶᠢᠯᠠᠭᠠᠬᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠶᠠᠪᠤᠴᠠ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠤᠢᠭᠡᠢ ᠪᠠᠬᠢᠵᠢᠭᠦᠯᠬᠦ ᠶᠠᠪᠤᠴᠠ ᠪᠣᠯᠭᠠᠨ᠎ᠠ᠃ | 6. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ | ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠪᠠᠬᠢᠵᠢᠬᠦᠯᠦᠨ᠎ᠡ᠃ ᠪᠦᠬᠦ ᠠᠶᠢᠮᠠᠭ ᠤᠨ ᠵᠢᠭᠤᠯᠴᠢᠯᠠᠯ ᠤᠨ ᠠᠵᠢᠯ | ᠡᠷᠬᠢᠯᠡᠭᠰᠡᠳ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠤᠨ ᠠᠩᠭᠢ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠡᠷᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠶᠢ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠤᠨ᠂ ᠠᠵᠢᠯ | ᠡᠷᠭᠢᠯᠡᠭᠰᠡᠳ ᠤᠨ ᠦᠢᠯᠡᠴᠢᠯᠡᠭᠡᠨ ᠤ ᠦᠭᠡ ᠬᠡᠯᠡ ᠶᠢ ᠵᠢᠷᠤᠮᠵᠢᠭᠤᠯᠵᠤ᠂ ᠦᠨᠳᠦᠰᠦᠲᠡᠨ ᠤ ᠣᠨᠣᠯ ᠲᠥᠷᠥ ᠶᠢᠨ | ᠪᠣᠳᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠬᠠᠷᠢᠯᠴᠠᠨ ᠰᠣᠨᠢᠷᠬᠠᠭᠤᠯᠵᠤ᠂ ᠬᠠᠷᠢᠯᠴᠠᠨ ᠣᠶᠢᠯᠠᠭᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠪᠤᠢ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ | ᠠᠯᠠᠱᠠ ᠶᠢᠨ ᠥᠯᠢᠭᠡᠷ ᠢ ᠰᠠᠶᠢᠲᠤᠷ ᠶᠠᠷᠢᠭᠤᠯᠤᠨ᠎ᠠ᠃ ᠠᠯᠠᠱᠠ ᠠᠶᠢᠮᠠᠭ ᠤᠨ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠳᠣᠰᠬᠠᠭᠰᠠᠨ ᠥᠨᠢ ᠤᠳᠠᠭᠠᠨ ᠲᠡᠦᠬᠡ ᠪᠠ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠲᠤᠰᠬᠠᠭᠰᠠᠨ ᠰᠣᠳᠣᠨ ᠬᠡᠪᠯᠡᠭᠳᠡᠬᠦᠨ ᠢ ᠵᠣᠬᠢᠶᠠᠨ ᠪᠠᠶᠢᠭᠤᠯᠤᠨ ᠬᠡᠪᠯᠡᠬᠦᠯᠵᠦ᠂ | ᠦᠨᠳᠦᠰᠦᠲᠡᠨ ᠨᠦᠭᠦᠳ ᠤᠨ ᠭᠠᠷ ᠬᠤᠯᠪᠣᠯᠴᠠᠨ᠂ ᠰᠡᠳᠬᠢᠯ ᠨᠢᠭᠡᠳᠦᠨ ᠬᠦᠰᠡᠯ ᠢᠶᠠᠨ ᠪᠡᠶᠡᠯᠡᠬᠦᠯᠦᠭᠰᠡᠨ ᠦᠯᠢᠭᠡᠷ ᠤᠨ | ᠤᠬᠠᠭᠤᠯᠭ᠎ᠠ ᠶᠢᠨ ᠹᠢᠯᠢᠮ᠂ ᠪᠠᠷᠢᠮᠲᠠᠲᠤ ᠺᠢᠨᠣ᠋ ᠪᠠ ᠰᠢᠷᠢᠰ ᠪᠢᠴᠢᠯ ᠸᠢᠳᠢᠣ᠋ ᠶᠢ ᠵᠣᠬᠢᠶᠠᠵᠤ᠂ ᠭᠤᠣᠯ ᠬᠦᠭ ᠠᠶᠠᠰ ᠢ | ᠣᠷᠢᠶᠠᠯᠠᠭᠰᠠᠨ᠂ ᠢᠳᠡᠪᠬᠢ ᠬᠦᠴᠦᠨ ᠢ ᠤᠯᠠᠮᠵᠢᠯᠠᠭᠰᠠᠨ ᠳᠤᠮᠳᠠᠳᠤ ᠶᠢᠨ ᠰᠣᠶᠣᠯ ᠤᠨ ᠷᠢᠳᠢ ᠰᠢᠳᠢ ᠶᠢ | ᠢᠯᠡᠷᠡᠭᠦᠯᠦᠭᠰᠡᠨ ᠤᠨᠴᠠᠯᠢᠬᠳᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠪᠤᠢ ᠪᠣᠯᠭᠠᠨ᠎ᠠ᠃ | ︵ᠬᠤᠶᠠᠷ︶ ᠥᠷᠲᠡᠭ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠵᠠᠮ | ᠱᠤᠭᠤᠮ ᠢ ᠪᠣᠢ ᠪᠣᠯᠭᠠᠨ᠎ᠠ | ᠪᠥᠬᠦ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠲᠦᠷᠬᠡᠨ ᠠᠬᠢᠭᠤᠯᠵᠤ᠂ ᠡᠯ᠎ᠡ ᠬᠤᠰᠢᠭᠤ ᠣᠷᠣᠨ ᠤ ᠵᠣᠬᠢᠴᠠᠯᠳᠤᠨ ᠬᠠᠮᠵᠢᠯᠴᠠᠬᠤ ᠶᠢ | ᠠᠬᠢᠭᠤᠯᠤᠨ᠂ ᠨᠠᠩ ᠣᠯᠠᠨ ᠶᠠᠰᠤ ᠴᠢᠨᠠᠷᠵᠢᠭᠤᠯᠤᠭᠰᠠᠨ᠂ ᠣᠨᠴᠠᠯᠢᠬᠵᠢᠭᠤᠯᠤᠭᠰᠠᠨ᠂ ᠲᠣᠭᠲᠠᠭᠠᠭᠰᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠥᠷᠲᠡᠭ ᠤᠨ ᠣᠶᠢᠯᠠᠭᠠᠭᠳᠠᠬᠤᠨ ᠢ ᠢᠯᠡᠷᠡᠭᠦᠯᠦᠭᠰᠡᠨ ᠵᠢᠭᠤᠯᠴᠢᠯᠠᠯ ᠤᠨ ᠦᠢᠯᠡᠳᠬᠦᠨ ᠪᠠ ᠰᠣᠳᠣᠨ | ᠵᠠᠮ ᠱᠤᠭᠤᠮ ᠢ ᠬᠠᠮᠲᠤᠷᠠᠨ ᠪᠣᠶ ᠪᠣᠯᠭᠠᠨ᠎ᠠ᠃ | 7. ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠣᠷᠣᠨ ᠠᠯᠤᠰᠯᠠᠨ ᠵᠢᠭᠤᠯᠴᠢᠯᠠᠨ᠎ᠠ᠃ | ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠪᠥᠬᠦ | ᠠᠶᠢᠮᠠᠭ ᠤᠨ ᠦᠵᠡᠮᠵᠢ ᠶᠢᠨ ᠣᠷᠣᠨ ᠤ ᠲᠠᠷᠬᠠᠯᠲᠠ ᠶᠢᠨ ᠪᠠᠶᠢᠳᠠᠯ ᠳᠤ ᠴᠢᠭᠯᠡᠭᠦᠯᠦᠨ᠂ ᠵᠠᠮ ᠳᠠᠭᠠᠤ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠵᠠᠮ | ᠳᠠᠭᠠᠤ ᠶᠢᠨ ᠭᠤᠤᠯᠳᠠᠯᠭ᠎ᠠ ᠲᠠᠢ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ | ᠴᠢᠳᠠᠮᠵᠢ ᠶᠢ ᠳᠡᠭᠡᠭᠰᠢᠯᠡᠭᠦᠯᠦᠨ᠂ ᠦᠵᠡᠮᠵᠢ ᠶᠢᠨ ᠬᠤᠩᠭᠢᠯ ᠪᠠ ᠦᠵᠡᠮᠵᠢ ᠶᠢᠨ ᠵᠠᠮ ᠢ ᠪᠠᠶᠢᠭᠤᠯᠵᠤ᠂ ᠵᠠᠮ | ᠬᠠᠷᠢᠯᠴᠠᠭᠠᠨ ᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ | ᠴᠢᠩᠭᠠᠷᠠᠭᠤᠯᠤᠨ᠎ᠠ᠃ ᠵᠢᠭᠤᠯᠴᠢᠯᠠᠯ ᠤᠨ ᠲᠤᠰᠬᠠᠶ ᠱᠤᠭᠤᠮ᠂ ᠵᠢᠭᠤᠯᠴᠢᠯᠠᠯ ᠤᠨ ᠰᠢᠭᠤᠳ ᠲᠡᠷᠭᠡ ᠨᠡᠪᠲᠡᠷᠡᠬᠦ᠂ | ᠵᠢᠭᠤᠯᠴᠢᠯᠠᠯ ᠤᠨ ᠵᠠᠮ ᠱᠤᠭᠤᠮ ᠲᠣᠭᠲᠠᠭᠠᠬᠤ ᠶᠢ ᠵᠣᠷᠢᠭᠵᠢᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠵᠠᠮ | ᠱᠤᠭᠤᠮ ᠤᠨ ᠬᠥᠳᠡᠭᠡ ᠲᠣᠰᠬᠤᠨ ᠤ ᠵᠢᠭᠤᠯᠴᠢᠯᠠᠯ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ | ᠲᠠᠪᠤᠨ ᠬᠤᠲᠠ ᠶᠢᠨ ᠬᠤᠯᠪᠣᠭ᠎ᠠ ᠳᠤ ᠲᠦᠰᠢᠭᠯᠡᠨ᠂ ᠭᠠᠨᠰᠦ ᠮᠤᠵᠢ ᠶᠢᠨ ᠶᠢᠨ ᠴᠠᠩ ᠬᠤᠲᠠ᠂ ᠡᠤ ᠸᠧᠶ ᠬᠤᠲᠠ᠂ | ᠵᠠᠩ ᠶᠧ ᠬᠤᠲᠠ᠂ ᠬᠥᠬᠡᠨᠠᠭᠤᠷ ᠮᠤᠵᠢ ᠶᠢᠨ ᠬᠠᠶᠢᠪᠸᠢ ᠵᠧᠤ ᠳᠥᠷᠪᠡᠨ ᠭᠠᠵᠠᠷ ᠤᠨ ᠰᠣᠶᠣᠯ ᠵᠢᠭᠤᠯᠴᠢᠯᠠᠯ ᠤᠨ | ᠰᠠᠯᠠᠭ᠎ᠠ ᠮᠥᠴᠢᠷ ᠲᠠᠢ ᠬᠠᠮᠵᠢᠯᠴᠠᠨ ︽ᠭᠤᠷᠪᠠᠨ ᠮᠤᠵᠢ ᠲᠠᠪᠤᠨ ᠭᠠᠵᠠᠷ ᠲᠦᠮᠡᠨ ᠬᠥᠮᠦᠨ ᠬᠠᠷᠢᠯᠴᠠᠨ | ᠵᠢᠭᠤᠯᠴᠢᠯᠠᠬᠤ︾ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ᠲᠠᠪᠤᠨ ᠬᠤᠲᠠ ᠶᠢᠨ ᠬᠤᠯᠪᠣᠭ᠎ᠠ᠂ ᠪᠡᠭᠡᠵᠢᠩ | ᠲᠢᠶᠠᠨᠵᠢᠨ ᠾᠧᠪᠧᠶ ᠶᠢᠨ ᠣᠷᠣᠨ ᠪᠦᠰᠡ ᠠᠯᠤᠰᠯᠠᠨ ᠵᠢᠭᠤᠯᠴᠢᠯᠠᠬᠤ ᠶᠢ ᠠᠬᠢᠭᠤᠯᠣᠨ᠎ᠠ᠃ ︽ᠳᠥᠷᠪᠡᠨ ᠮᠤᠵᠢ ᠶᠢᠨ | ᠠᠷᠪᠠᠨ ᠬᠤᠶᠠᠷ ᠬᠤᠲᠠ︾ ᠶᠢᠨ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠬᠤᠯᠪᠣᠭ᠎ᠠ ᠳᠤ ᠲᠦᠰᠢᠭᠯᠡᠨ᠂ | ᠵᠢᠭᠤᠯᠴᠢᠯᠠᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠪᠥᠬᠦ ᠲᠠᠯ᠎ᠠ ᠶᠢᠨ᠂ ᠣᠷᠳᠣ | ᠬᠤᠭᠤᠴᠠᠭᠠᠨ ᠤ ᠪᠠ ᠲᠣᠭᠲᠠᠭᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢ | ᠪᠣᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠠᠪᠴᠠᠩ ᠳᠤ | ᠲᠦᠰᠢᠭᠯᠡᠨ᠂ ᠭᠤᠸᠠᠩᠵᠧᠦ᠂ ᠱᠧᠨᠵᠧᠨ᠂ ᠱᠠᠩᠬᠠᠶ᠂ ᠰᠦᠵᠧᠦ ᠵᠡᠷᠭᠡ ᠵᠦᠵᠢᠶᠠᠩ ᠮᠦᠷᠡᠨ ᠤ ᠭᠤᠷᠪᠠᠯᠵᠢᠨ ᠬᠤᠶᠢᠭ | ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠠᠶᠠᠨᠴᠢᠳ ᠤᠨ | ᠢᠷᠡᠯᠲᠡ ᠶᠢᠨ ᠭᠠᠵᠠᠷ ᠲᠤ ᠲᠠᠨᠢᠯᠴᠠᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠵᠣᠴᠢᠳ ᠤᠨ | ᠢᠷᠡᠯᠲᠡ ᠶᠢᠨ ᠵᠠᠬ᠎ᠠ ᠳᠡᠯᠭᠡᠭᠦᠷ ᠯᠦᠭᠡ ᠶᠢᠨ ᠰᠣᠯᠢᠯᠴᠠᠭ᠎ᠠ ᠦᠢᠯᠡᠳᠦᠯᠴᠡᠭᠡ ᠶᠢ ᠭᠦᠨᠵᠡᠭᠡᠶᠢᠷᠡᠭᠦᠯᠦᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠨ ᠠᠯᠤᠰᠯᠠᠭᠰᠠᠨ ᠵᠢᠭᠤᠯᠴᠢᠯᠠᠯ ᠢ ᠠᠬᠢᠭᠤᠯᠣᠨ᠎ᠠ᠃ | ᠵᠢᠭᠤᠯᠴᠢᠯᠠᠯ ᠤᠨ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠶᠢᠨ ᠭᠤᠤᠯ ᠪᠣᠯᠬᠤ ᠵᠢᠭᠤᠯᠴᠢᠯᠠᠯ ᠤᠨ ᠬᠤᠲᠠ | ᠪᠠ ᠭᠠᠵᠠᠷ ᠣᠷᠣᠨ ᠤ ᠵᠢᠭᠤᠯᠴᠢᠯᠠᠯ ᠤᠨ ᠱᠤᠭᠤᠮ᠂ ᠵᠢᠩ ᠭᠠᠩ ᠱᠠᠨ᠂ ᠶᠠᠨ ᠠᠨ᠂ ᠰᠢ ᠪᠠᠶ ᠫᠦᠸᠧ ᠵᠡᠷᠭᠡ | ᠬᠤᠪᠢᠰᠬᠠᠯ ᠤᠨ ᠭᠤᠯᠣᠮᠳᠠ ᠬᠦᠷᠲᠡᠯᠡᠬᠢ ᠬᠤᠪᠢᠰᠬᠠᠯᠲᠤ ᠵᠢᠭᠤᠯᠴᠢᠯᠠᠯ ᠤᠨ ᠱᠤᠭᠤᠮ ᠵᠡᠷᠭᠡ ᠶᠢ ᠨᠡᠭᠡᠭᠡᠨ | ᠬᠥᠭᠵᠢᠭᠦᠯᠬᠦ ᠶᠢ ᠳᠡᠮᠵᠢᠨ᠎ᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠵᠢᠭᠤᠯᠴᠢᠯᠠᠯ ᠢᠶᠠᠷ ᠳᠠᠮᠵᠢᠭᠤᠯᠣᠨ | ᠡᠬᠡ ᠤᠯᠤᠰ ᠤᠨ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠮᠡᠳᠡᠷᠡᠭᠦᠯᠵᠦ᠂ | ᠳᠤᠮᠳᠠᠳᠤ ᠶᠢᠨ ᠰᠢᠯᠢᠳᠡᠭ ᠰᠣᠶᠣᠯ ᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠤᠯᠠᠮ ᠨᠢᠭᠡ ᠠᠯᠬᠤᠮ ᠪᠠᠲᠤ ᠪᠤᠢ ᠪᠣᠯᠭᠠᠬᠤ ᠬᠡᠷᠡᠭᠲᠡᠢ᠃ | 8. ᠣᠷᠣᠨ ᠪᠦᠰᠡ ᠠᠯᠤᠰᠯᠠᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠦᠴᠦᠯᠡᠨ ᠨᠡᠭᠡᠭᠡᠨ᠎ᠡ᠃ | ᠠᠯᠠᠱᠠ ᠠᠶᠢᠮᠠᠭ ᠤᠨ ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ | ᠪᠠᠶᠢᠷᠢᠰᠢᠯ ᠳᠣᠤᠷ᠎ᠠ᠂ ᠠᠯᠠᠱᠠ ᠠᠶᠢᠮᠠᠭ ᠤᠨ ᠪᠠᠶᠢᠭᠠᠯᠢ ᠪᠠ ᠰᠣᠶᠣᠯ ᠤᠨ ᠡᠬᠢ ᠪᠠᠶᠠᠯᠢᠭ ᠤᠨ ᠣᠨᠴᠠᠯᠢᠭ ᠢ ᠭᠦᠢᠴᠡᠳ | ᠪᠠᠳᠠᠷᠠᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠢᠩᠰᠢᠶᠠ᠂ | ᠭᠠᠨᠰᠦ᠂ ᠬᠥᠬᠡᠨᠠᠭᠤᠷ᠂ ᠱᠠᠨᠰᠢ᠂ ᠰᠢᠨᠵᠢᠶᠠᠩ ᠵᠡᠷᠭᠡ ᠭᠠᠵᠠᠷ ᠣᠷᠣᠨ ᠯᠤᠭ᠎ᠠ ᠶᠢᠨ ᠣᠷᠣᠨ ᠪᠦᠰᠡ ᠶᠢᠨ | ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠨ᠂ ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ | ᠪᠠᠲᠤᠯᠠᠭ᠎ᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠵᠢᠭᠤᠯᠴᠢᠯᠠᠯ ᠤᠨ ᠦᠢᠯᠡᠳᠬᠦᠨ᠂ ᠵᠢᠭᠤᠯᠴᠢᠯᠠᠯ ᠤᠨ | ᠨᠠᠷᠠᠲᠤ ᠲᠡᠮᠳᠡᠭ ᠪᠠ ᠰᠣᠳᠣᠨ ᠵᠠᠮ ᠱᠤᠭᠤᠮ ᠢ ᠬᠠᠮᠲᠤ ᠪᠠᠷ ᠲᠥᠯᠥᠪᠵᠢᠭᠦᠯᠦᠨ᠂ ᠠᠯᠠᠱᠠ ᠶᠢᠨ ᠰᠣᠶᠣᠯ ᠤᠨ ᠭᠤᠤᠯ | ᠳᠦᠷᠢ ᠲᠥᠷᠬᠦ ᠶᠢ ᠢᠯᠡᠷᠡᠭᠦᠯᠦᠭᠰᠡᠨ ᠵᠢᠭᠤᠯᠴᠢᠯᠠᠯ ᠤᠨ ᠵᠠᠮ ᠱᠤᠭᠤᠮ ᠤᠨ ᠰᠢᠰᠲ᠋ᠧᠮ ᠢ ᠪᠠᠶᠢᠭᠤᠯᠤᠨ᠎ᠠ᠃ | ᠤᠨᠴᠠᠯᠢᠬᠳᠤ ᠰᠣᠶᠣᠯ ᠤᠨ ᠵᠢᠭᠤᠯᠴᠢᠯᠠᠯ᠂ ᠠᠮᠢ ᠠᠬᠤᠶ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠰᠠᠨᠰᠠᠷ ᠠᠶᠠᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠭᠤᠯᠴᠢᠯᠠᠯ ᠵᠡᠷᠭᠡ ᠶᠢ ᠬᠥᠭᠵᠢᠭᠦᠯᠬᠦ ᠶᠢ ᠶᠡᠭᠡ ᠪᠠᠷ ᠳᠡᠮᠵᠢᠨ᠎ᠡ︔ | ᠵᠢᠭᠤᠯᠴᠢᠯᠠᠯ ᠢ ᠬᠥᠭᠵᠢᠭᠦᠯᠬᠦ ᠪᠠᠷ ᠳᠠᠮᠵᠢᠭᠤᠯᠤᠨ ᠦᠨᠳᠦᠰᠦᠲᠡᠨ ᠤ ᠭᠠᠵᠠᠷ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠵᠤ ᠠᠬᠤᠢ ᠶᠢ ᠬᠥᠭᠵᠢᠭᠦᠯᠬᠦ᠂ ᠰᠣᠶᠣᠯ ᠤᠨ ᠬᠥᠭᠵᠢᠯ ᠴᠡᠴᠡᠭᠯᠡᠯ᠂ ᠪᠣᠯᠪᠠᠰᠤᠨ ᠤ | ᠲᠠᠪᠰᠢᠯᠳᠠ ᠶᠢ ᠲᠠᠶᠢᠴᠢᠯᠠᠨ᠎ᠠ᠃ | 9. ᠣᠷᠣᠨ ᠪᠦᠰᠡ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠬᠤ ᠪᠠᠶᠢᠷᠢᠰᠢᠯ ᠢ ᠪᠥᠬᠦ ᠬᠦᠴᠦᠨ ᠢᠶᠠᠷ ᠢᠶᠠᠨ | ᠪᠠᠶᠢᠭᠤᠯᠤᠨ᠎ᠠ᠃ ᠠᠯᠠᠱᠠ ᠠᠶᠢᠮᠠᠭ ᠤᠨ ᠵᠢᠭᠤᠯᠴᠢᠯᠠᠯ ᠤᠨ ᠬᠥᠭᠵᠢᠯᠲᠡ ᠶᠢᠨ ᠬᠠᠷᠢᠴᠠᠭᠤᠯᠤᠭᠰᠠᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠵᠢᠭᠤᠯᠴᠢᠯᠠᠯ ᠤᠨ ᠡᠯᠧᠮᠧᠨ᠋ᠲ ᠤᠨ ᠵᠦᠶ ᠵᠣᠬᠢᠰᠲᠠᠶ ᠰᠢᠯᠵᠢᠯᠲᠡ ᠪᠠ | ᠥᠨᠳᠥᠷ ᠪᠦᠲᠦᠮᠵᠢᠲᠡᠶ ᠲᠥᠪᠯᠡᠷᠡᠯ ᠢ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠠᠵᠢᠯ ᠢᠶᠠᠨ | ᠵᠣᠬᠢᠰᠲᠠᠶ ᠬᠤᠪᠢᠶᠠᠷᠢᠯᠠᠭᠰᠠᠨ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠦᠷᠢᠯᠳᠦᠭᠦᠯᠦᠨ᠎ᠡ᠃ ᠪᠠᠶᠠᠨᠬᠤᠲᠠ ᠪᠠᠯᠭᠠᠰᠤ᠂ ᠪᠠᠳᠠᠶ ᠶᠢᠨ ᠵᠢᠷᠠᠨ ᠪᠠᠯᠭᠠᠰᠤ᠂ ᠳᠠᠯᠠᠶᠢᠬᠦ᠋ᠪ ᠪᠠᠯᠭᠠᠰᠤ ᠵᠡᠷᠭᠡ ᠲᠥᠪ | ᠬᠤᠲᠠ ᠪᠠᠯᠭᠠᠰᠤ ᠪᠠᠷ ᠭᠤᠤᠯ ᠪᠣᠯᠭᠠᠵᠤ᠂ ᠬᠤᠲᠠ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠢ | ᠪᠣᠶ ᠪᠣᠯᠭᠠᠵᠤ᠂ ᠡᠷᠬᠢᠨ ᠲᠣᠭᠤᠷᠢᠨ ᠤ ᠭᠠᠵᠠᠷ ᠣᠷᠣᠨ ᠤ ᠡᠯᠡᠰᠦᠨ ᠴᠦᠯ᠂ ᠲᠤᠤᠷᠠᠶ᠂ ᠰᠠᠨᠰᠠᠷ ᠠᠶᠠᠯᠠᠯ᠂ ᠵᠢᠣᠢ | ᠶᠠᠨ ᠤ ᠰᠣᠶᠣᠯ ᠵᠡᠷᠭᠡ ᠶᠢ ᠨᠥᠯᠥᠭᠡᠯᠡᠨ ᠳᠠᠶᠢᠴᠢᠯᠠᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠥᠬᠦ ᠠᠶᠢᠮᠠᠭ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠯᠳᠦᠭᠦᠯᠵᠦ᠂ ᠣᠷᠣᠨ ᠪᠦᠰᠡ ᠶᠢᠨ ᠵᠢᠭᠤᠯᠴᠢᠯᠠᠯ ᠤᠨ ᠰᠠᠭᠤᠷᠢ | ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠣᠷᠣᠨ ᠪᠦᠰᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠥᠬᠦ ᠣᠷᠣᠨ | ᠪᠦᠰᠡ᠂ ᠪᠥᠬᠦ ᠡᠯᠧᠮᠧᠨ᠋ᠲ᠂ ᠪᠥᠬᠦ ᠤᠯᠠᠷᠢᠯ᠂ ᠪᠥᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ | ᠵᠢᠭᠤᠯᠴᠢᠯᠠᠯ ᠤᠨ ᠪᠦᠲᠦᠭᠡᠭᠳᠡᠬᠦᠨ ᠤ ᠬᠠᠷᠢᠯᠴᠠᠨ ᠨᠥᠬᠦᠪᠥᠷᠢᠯᠡᠬᠦ᠂ ᠵᠠᠮ ᠱᠤᠭᠤᠮ ᠤᠨ ᠬᠠᠷᠢᠯᠴᠠᠨ ᠨᠡᠪᠲᠡᠷᠡᠯᠴᠡᠬᠦ᠂ | ᠵᠠᠬ᠎ᠠ ᠳᠡᠯᠭᠡᠭᠦᠷ ᠤᠨ ᠬᠠᠷᠢᠯᠴᠠᠨ ᠬᠥᠳᠡᠯᠦᠯᠴᠡᠬᠦ᠂ ᠠᠶᠠᠨᠴᠢᠳ ᠤᠨ ᠢᠷᠡᠯᠳᠡ ᠶᠢᠨ ᠬᠠᠷᠢᠯᠴᠠᠨ ᠤᠷᠤᠰᠬᠠᠯ | ᠳᠠᠭᠠᠭᠰᠠᠨ ᠵᠢᠭᠤᠯᠴᠢᠯᠠᠯ ᠤᠨ ᠨᠢᠭᠡ ᠴᠤᠭᠴᠠᠵᠢᠭᠰᠠᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠣᠨ᠎ᠠ᠃ | ︵ᠭᠤᠷᠪᠠ︶ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠦᠨ᠎ᠡ | ᠠᠯᠠᠱᠠ ᠠᠶᠢᠮᠠᠭ ᠤᠨ ᠥᠪᠡᠷᠮᠢᠴᠡ ᠪᠠᠶᠢᠭᠠᠯᠢ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠷ ᠲᠦᠰᠢᠭ | ᠪᠣᠯᠭᠠᠵᠤ᠂ ᠠᠷᠠᠳ ᠣᠯᠠᠨ ᠤ ᠴᠢᠨᠠᠷ ᠰᠠᠶᠢᠲᠠᠶ ᠵᠢᠭᠤᠯᠴᠢᠯᠠᠯ ᠤᠨ ᠬᠡᠷᠡᠭᠴᠡᠭᠡ ᠶᠢ ᠬᠠᠩᠭᠠᠬᠤ ᠪᠠᠷ ᠤᠳᠤᠷᠢᠳᠤᠮᠵᠢ | ᠪᠣᠯᠭᠠᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠥᠷᠭᠡᠨ ᠳᠡᠯᠭᠡᠷ ᠭᠦᠨᠵᠡᠭᠡᠶ ᠣᠷᠣᠯᠴᠠᠵᠤ᠂ | ᠵᠢᠭᠤᠯᠴᠢᠳ ᠤᠨ ᠭᠦᠨᠵᠡᠭᠡᠶ ᠠᠭᠤᠰᠤᠯᠴᠠᠵᠤ ᠪᠡᠶᠡᠴᠢᠯᠡᠨ ᠣᠶᠢᠯᠠᠭᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠤᠶᠠᠯᠳᠤᠯ ᠢ ᠭᠦᠨᠵᠡᠭᠡᠶᠢᠷᠡᠭᠦᠯᠬᠦ ᠪᠠᠷ ᠭᠠᠷᠳᠠᠬᠤ ᠴᠡᠭ ᠪᠣᠯᠭᠠᠵᠤ᠂ ᠣᠶᠢᠯᠠᠭᠠᠬᠤ ᠬᠡᠯᠪᠡᠷᠢ᠂ ᠬᠠᠷᠢᠯᠴᠠᠨ ᠬᠥᠳᠡᠯᠦᠯᠴᠡᠬᠦ | ᠬᠡᠯᠪᠡᠷᠢ᠂ ᠬᠤᠪᠢᠶᠠᠯᠴᠠᠬᠤ ᠮᠠᠶ᠋ᠢᠭ ᠤᠨ ᠠᠮᠢᠳᠤᠯᠢᠭ ᠠᠷᠭ᠎ᠠ ᠬᠢᠳᠡᠯ ᠢᠶᠠᠷ ᠵᠢᠭᠤᠯᠴᠢᠯᠠᠭᠴᠢᠳ ᠲᠤ ᠲᠤᠬᠠᠶ ᠶᠢᠨ | ᠭᠠᠵᠠᠷ ᠤᠨ ᠰᠣᠶᠣᠯ ᠢᠷᠭᠡᠨᠰᠢᠯ ᠤᠨ ᠠᠭᠤᠷ ᠠᠮᠢᠰᠬᠤᠯ ᠪᠠ ᠠᠷᠠᠳ ᠤᠨ ᠵᠠᠩ ᠦᠢᠯᠡ ᠶᠢ ᠮᠡᠳᠡᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠢ ᠭᠦᠨᠵᠡᠭᠡᠶ ᠣᠶᠢᠯᠠᠭᠠᠵᠤ᠂ | ᠵᠢᠭᠤᠯᠴᠢᠯᠠᠯ ᠢ ᠦᠨᠳᠦᠰᠦᠲᠡᠨ ᠨᠦᠭᠦᠳ ᠤᠨ ᠣᠯᠠᠨ ᠲᠦᠮᠡᠨ ᠡᠬᠡ ᠤᠯᠤᠰ ᠤᠨ ᠠᠭᠤᠯᠠ ᠣᠰᠣ ᠶᠢ ᠰᠣᠨᠢᠷᠬᠠᠬᠤ᠂ | ᠳᠤᠮᠳᠠᠳᠤ ᠶᠢᠨ ᠰᠣᠶᠣᠯ ᠢ ᠣᠶᠢᠯᠠᠭᠠᠬᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠡᠮᠡᠭᠳᠡᠭᠦᠯᠬᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠠᠭᠤᠷᠢᠨ | ᠪᠣᠯᠭᠠᠨ᠎ᠠ᠃ | 10. ᠬᠤᠪᠢᠰᠬᠠᠯᠲᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ | ᠬᠥᠮᠦᠵᠢᠯ ᠢ ᠲᠤᠪᠤᠶᠢᠯᠭᠠᠵᠦ᠂ ᠵᠢᠭᠤᠯᠴᠢᠯᠠᠯ ᠤᠨ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠬᠤᠪᠢᠰᠬᠠᠯ ᠤᠨ ᠬᠥᠮᠦᠵᠢᠯ ᠪᠣᠯᠤᠨ ᠵᠢᠭᠤᠯᠴᠢᠯᠠᠯ ᠤᠨ ᠬᠥᠭᠵᠢᠯᠲᠡ ᠶᠢ ᠣᠷᠭᠠᠨᠢᠭ ᠢᠶᠠᠷ ᠤᠶᠠᠯᠳᠤᠭᠤᠯᠵᠤ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠪᠦᠲᠦᠭᠡᠭᠳᠡᠬᠦᠨ ᠤ ᠰᠢᠰᠲ᠋ᠧᠮ ᠢ ᠲᠡᠭᠦᠯᠳᠡᠷᠵᠢᠭᠦᠯᠵᠦ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠣᠶᠢᠯᠠᠭᠠᠯᠲᠠ ᠶᠢ ᠪᠠᠶᠠᠯᠢᠭᠵᠢᠭᠤᠯᠵᠤ᠂ ᠬᠤᠪᠢᠰᠬᠠᠯ ᠤᠨ | ᠵᠢᠭᠤᠯᠴᠢᠯᠠᠯ ᠢ ᠨᠠᠮᠴᠢ ᠴᠢᠨᠠᠷ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠣᠯᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠬᠥᠮᠦᠵᠢᠯ ᠤᠨ | ᠴᠢᠬᠤᠯᠠ ᠠᠴᠢᠶᠠᠯᠠᠪᠤᠷᠢ ᠪᠣᠯᠭᠠᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠪᠣᠯᠤᠨ ᠬᠥᠳᠡᠭᠡ ᠲᠣᠰᠬᠤᠨ ᠤ | ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ ᠵᠡᠷᠭᠡ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠠᠭᠤᠰᠤᠯᠴᠠᠯ ᠢ ᠠᠬᠢᠭᠤᠯᠤᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠤᠯᠬᠤ ︽ᠬᠤᠰᠢᠭᠤᠨ ᠤ ᠵᠠᠰᠠᠭ ᠤᠨ ᠣᠷᠳᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠳᠤᠯᠤᠨ ᠰᠤᠷᠤᠯᠴᠠᠬᠤ ᠭᠤᠷᠪᠠᠨ ᠰᠠᠶᠢᠨᠲᠠᠶ ᠰᠠᠭᠤᠷᠢᠨ ᠭᠠᠵᠠᠷ︾ | ᠂ ᠪᠥᠬᠦ ᠤᠯᠤᠰ ᠤᠨ ᠰᠠᠨᠰᠠᠷ ᠠᠶᠠᠯᠠᠯ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ | ᠰᠠᠭᠤᠷᠢᠨ — ︽ᠳ᠋ᠦᠩᠹᠧᠩ ᠰᠠᠨᠰᠠᠷ ᠤᠨ ᠬᠤᠲᠠ ᠰᠠᠨᠰᠠᠷ ᠠᠶᠠᠯᠠᠯ ᠰᠣᠶᠣᠯ ᠵᠢᠭᠤᠯᠴᠢᠯᠠᠯ ᠢ | ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠣᠷᠣᠨ︾ ᠢ ᠪᠠᠶᠢᠭᠤᠯᠵᠤ᠂ ᠠᠯᠠᠱᠠ ᠠᠶᠢᠮᠠᠭ ᠤᠨ ᠬᠤᠪᠢᠰᠬᠠᠯ ᠤᠨ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠳᠡᠯᠭᠡᠨ ᠦᠵᠡᠭᠦᠯᠬᠦ ᠬᠥᠮᠦᠵᠢᠯ ᠵᠡᠷᠭᠡ ᠨᠢᠭᠡ ᠪᠦᠯᠦᠭ ᠨᠠᠮᠴᠢ | ᠴᠢᠨᠠᠷ ᠤᠨ ᠬᠥᠮᠦᠵᠢᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠪᠤᠶᠢᠵᠢᠭᠤᠯᠵᠤ᠂ ᠰᠢᠯᠢᠳᠡᠭ ︽ᠲᠠᠪᠤᠨ | ᠰᠠᠶᠢᠨᠲᠠᠶ︾ ᠬᠤᠪᠢᠰᠬᠠᠯᠲᠤ ᠲᠠᠶᠢᠯᠪᠤᠷᠢᠯᠠᠭᠴᠢ ᠶᠢᠨ ᠡᠩᠨᠡᠭᠡ ᠶᠢ ᠬᠥᠮᠦᠵᠢᠭᠦᠯᠦᠨ᠎ᠡ᠃ ᠬᠤᠪᠢᠰᠬᠠᠯ ᠤᠨ ᠵᠢᠭᠤᠯᠴᠢᠯᠠᠯ | ᠬᠢᠭᠡᠳ ᠬᠥᠳᠡᠭᠡ ᠲᠣᠰᠬᠤᠨ ᠤ ᠵᠢᠭᠤᠯᠴᠢᠯᠠᠯ᠂ ᠰᠣᠶᠣᠯ ᠤᠨ ᠪᠦᠲᠦᠭᠡᠯᠴᠢ ᠰᠡᠳᠬᠢᠮᠵᠢ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠠᠬᠢᠭᠤᠯᠵᠤ᠂ ᠬᠤᠪᠢᠰᠬᠠᠯ ᠤᠨ ᠵᠢᠭᠤᠯᠴᠢᠯᠠᠯ ᠢ ᠰᠢᠨ᠎ᠡ ᠴᠠᠭ ᠦᠶ᠎ᠡ ᠶᠢᠨ | ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠬᠡ ᠣᠷᠣᠨᠴᠢ ᠦᠵᠡᠯ ᠤᠨ ᠬᠥᠮᠦᠵᠢᠯ ᠢ ᠴᠢᠩᠭᠠᠳᠬᠠᠨ | ᠰᠠᠶᠢᠵᠢᠷᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ | ᠪᠠᠲᠤ ᠪᠤᠢ ᠪᠣᠯᠭᠠᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠭᠠᠨ᠎ᠠ᠃ | 11. ᠦᠨᠳᠦᠰᠦᠲᠡᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠢ ᠰᠢᠨᠡᠴᠢᠯᠡᠨ ᠬᠥᠭᠵᠢᠭᠦᠯᠦᠨ᠎ᠡ᠃ ᠰᠤᠳᠤᠯᠤᠨ | ᠰᠤᠷᠤᠯᠴᠠᠬᠤ ᠵᠢᠭᠤᠯᠴᠢᠯᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ | ᠪᠣᠯᠭᠠᠬᠤ ᠦᠢᠯᠡᠳᠦᠯᠭᠡ ᠶᠢᠨ ᠬᠥᠮᠦᠵᠢᠯ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ | ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠢ ᠣᠶᠢᠯᠠᠭᠠᠭᠤᠯᠵᠤ᠂ ᠳᠤᠮᠳᠠᠳᠤ ᠶᠢᠨ ᠰᠣᠶᠣᠯ ᠢ ᠣᠶᠢᠯᠠᠭᠠᠭᠤᠯᠵᠤ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠤᠬᠠᠶ ᠣᠶᠢᠯᠠᠭᠠᠯᠲᠠ ᠪᠠ ᠲᠠᠨᠢᠯᠲᠠ ᠶᠢ | ᠭᠦᠨᠵᠡᠭᠡᠶᠢᠷᠡᠭᠦᠯᠦᠨ᠎ᠡ᠃ ᠮᠦᠽᠧᠶ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠭᠦᠢᠴᠡᠳ | ᠠᠭᠤᠳᠠᠯᠵᠤ᠂ ᠡᠯ᠎ᠡ ᠱᠠᠲᠤᠨ ᠤ ᠮᠦᠽᠧᠶ᠂ ᠪᠣᠳᠠᠰ ᠤᠨ ᠪᠤᠰᠤ ᠦᠪ ᠰᠣᠶᠣᠯ ᠤᠨ ᠣᠷᠳᠣᠨ ᠬᠢᠭᠡᠳ | ᠰᠤᠷᠭᠠᠭᠤᠯᠢ ᠯᠤᠭ᠎ᠠ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠬᠤ | ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃ ᠰᠣᠷᠣᠭᠴᠢᠳ ᠤᠨ ᠮᠦᠽᠧᠶ᠂ ᠨᠣᠮ ᠤᠨ ᠰᠠᠩ᠂ ᠰᠣᠶᠣᠯ ᠤᠨ | ᠣᠷᠳᠣᠨ᠂ ᠪᠣᠳᠠᠰ ᠤᠨ ᠪᠤᠰᠤ ᠦᠪ ᠰᠣᠶᠣᠯ ᠤᠨ ᠣᠷᠳᠣᠨ ᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ | ᠠᠵᠢᠯᠯᠠᠭ᠎ᠠ ᠳᠤ ᠣᠷᠣᠯᠴᠠᠬᠤ ᠶᠢ ᠳᠡᠮᠵᠢᠵᠦ᠂ ᠮᠦᠽᠧᠶ᠂ ᠪᠣᠳᠠᠰ ᠤᠨ ᠪᠤᠰᠤ ᠦᠪ ᠰᠣᠶᠣᠯ ᠤᠨ ᠣᠷᠳᠣᠨ ᠢ ᠡᠯ᠎ᠡ | ᠦᠨᠳᠦᠰᠦᠲᠡᠨ ᠤ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠴᠢᠬᠤᠯᠠ ᠠᠴᠢᠶᠠᠯᠠᠪᠤᠷᠢ | ᠪᠣᠯᠭᠠᠨ᠎ᠠ᠃ ᠦᠨᠳᠦᠰᠦᠲᠡᠨ ᠨᠦᠭᠦᠳ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠳᠤᠮᠳᠠ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠣᠶᠣᠯ ᠢ ᠮᠡᠳᠡᠷᠡᠭᠦᠯᠵᠦ᠂ ᠦᠨᠳᠦᠰᠦᠲᠡᠨ ᠨᠦᠭᠦᠳ ᠤᠨ ᠰᠤᠷᠤᠭᠴᠢᠳ ᠢ ᠬᠥᠲᠥᠯᠥᠨ ᠵᠢᠯᠣᠭᠤᠳᠴᠤ | ᠪᠠᠶᠢᠭᠠᠳ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠬᠡᠷᠡᠭᠲᠡᠢ᠃ | 12. ᠦᠨᠳᠦᠰᠦᠲᠡᠨ ᠤ ᠭᠠᠵᠠᠷ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠵᠦ᠂ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠪᠠᠶᠠᠨᠬᠦ᠋ᠳᠡᠭᠡ ᠭᠠᠴᠠᠭ᠎ᠠ᠂ ᠠᠯᠠᠱᠠ ᠪᠠᠷᠠᠭᠤᠨ | ᠬᠤᠰᠢᠭᠤᠨ ᠤ ᠡᠬᠢᠨᠬᠤᠳᠳᠤᠭ ᠭᠠᠴᠠᠭ᠎ᠠ᠂ ᠡᠵᠡᠨ᠎ᠡ ᠬᠤᠰᠢᠭᠤᠨ ᠤ ᠳᠦᠢᠷᠡᠮ ᠤᠨ ᠲᠤᠤᠷᠠᠢ ᠭᠠᠴᠠᠭ᠎ᠠ ᠵᠡᠷᠭᠡ | ᠭᠠᠵᠠᠷ ᠤᠨ ᠬᠥᠳᠡᠭᠡ ᠲᠣᠰᠬᠤᠨ ᠤ ᠵᠢᠭᠤᠯᠴᠢᠯᠠᠯ ᠢ ᠢᠳᠡᠪᠬᠢᠲᠡᠶ ᠬᠥᠭᠵᠢᠭᠦᠯᠬᠦ ᠶᠢ ᠳᠡᠮᠵᠢᠵᠦ᠂ ᠰᠣᠶᠣᠯ | ᠵᠢᠭᠤᠯᠴᠢᠯᠠᠯ ᠤᠨ ᠬᠠᠷᠠᠭᠠᠰᠤ ᠪᠠ ᠡᠯᠧᠮᠧᠨ᠋ᠲ ᠤᠨ ᠪᠦᠲᠦᠭᠡᠯᠴᠢ ᠰᠡᠳᠬᠢᠮᠵᠢ ᠪᠠᠷ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢ ᠪᠣᠶ ᠪᠣᠯᠭᠠᠨ᠎ᠠ᠃ ᠣᠲᠣ ᠦᠶ᠎ᠡ ᠶᠢᠨ ᠰᠡᠯᠡᠭᠦᠴᠡᠯ | ᠵᠢᠭᠤᠯᠴᠢᠯᠠᠯ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠬᠥᠳᠡᠭᠡ ᠲᠣᠰᠬᠤᠨ ᠤ ᠵᠢᠭᠤᠯᠴᠢᠯᠠᠯ | ᠰᠡᠯᠡᠭᠦᠴᠡᠯ ᠤᠨ ᠰᠢᠨ᠎ᠡ ᠣᠷᠣᠨ ᠵᠠᠶ ᠶᠢ ᠥᠷᠭᠡᠳᠬᠡᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠣᠨ᠎ᠠ︔ ᠪᠥᠬᠦ ᠤᠯᠤᠰ ᠤᠨ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ︵ᠪᠠᠯᠭᠠᠰᠤ︶ ᠢ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ | ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠠᠨᠬᠤᠲᠠ ᠪᠠᠯᠭᠠᠰᠤ᠂ ᠪᠠᠳᠠᠢ ᠶᠢᠨ ᠵᠢᠷᠠᠨ ᠪᠠᠯᠭᠠᠰᠤ᠂ ᠪᠠᠶᠠᠨᠲᠤᠤᠷᠠᠢ | ᠰᠤᠮᠤ ᠵᠡᠷᠭᠡ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠲᠥᠪᠯᠡᠷᠡᠭᠰᠡᠨ ᠣᠷᠣᠨ ᠪᠠ | ᠬᠥᠳᠡᠭᠡ ᠲᠣᠰᠬᠤᠨ ᠤ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠬᠤ ᠶᠢ ᠠᠬᠢᠭᠤᠯᠣᠨ᠎ᠠ︔ ᠬᠥᠳᠡᠭᠡ ᠲᠣᠰᠬᠤᠨ ᠤ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠶᠢ | ᠴᠢᠩᠭᠠᠳᠬᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ | ᠣᠨᠴᠠᠯᠢᠭᠲᠤ ᠰᠣᠶᠣᠯ ᠪᠠ ᠰᠣᠶᠣᠯ ᠢᠷᠭᠡᠨᠰᠢᠯ ᠵᠠᠩ ᠰᠤᠷᠲᠠᠯ ᠢ ᠢᠳᠡᠪᠬᠢᠲᠡᠶ ᠤᠬᠠᠭᠤᠯᠤᠨ ᠲᠠᠨᠢᠯᠴᠠᠭᠤᠯᠵᠤ᠂ ᠡᠯ᠎ᠡ | ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠤᠬᠡ ᠶᠢᠨ ᠪᠣᠳᠠᠲᠤ ᠶᠠᠪᠤᠳᠠᠯ ᠪᠠ ᠰᠣᠶᠣᠯ ᠤᠨ | ᠥᠪ ᠢ ᠳᠣᠪᠤᠶᠢᠯᠭᠠᠨ᠂ ᠥᠪᠡᠷᠮᠢᠴᠡ ᠣᠨᠴᠠᠯᠢᠭ ᠲᠠᠢ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠨᠡᠭᠡᠭᠡᠨ | ᠬᠥᠭᠵᠢᠭᠦᠯᠵᠦ᠂ ᠵᠢᠭᠤᠯᠴᠢᠯᠠᠭᠰᠠᠳ ᠲᠤ ᠬᠥᠳᠡᠭᠡ ᠲᠣᠰᠬᠤᠨ ᠤ ᠵᠠᠩ ᠵᠠᠩᠰᠢᠯ ᠢ ᠣᠶᠢᠯᠠᠭᠠᠭᠤᠯᠬᠤ ᠶᠢᠨ ᠬᠠᠮᠲᠤ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠣᠶᠣᠯ ᠤᠨ ᠭᠤᠸ᠎ᠠ ᠰᠠᠶᠢᠬᠠᠨ ᠢ | ᠮᠡᠳᠡᠷᠡᠭᠦᠯᠦᠨ᠎ᠡ᠃ | 13. ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠪᠦᠬᠦᠢ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ | ᠠᠯᠠᠱᠠ ᠶᠢᠨ ᠡᠯᠡᠰᠦ᠂ ᠲᠣᠣᠷᠠᠢ᠂ ᠰᠠᠨᠰᠠᠷ ᠠᠶᠠᠯᠠᠯ᠂ ᠵᠢᠦᠢ ᠶᠠᠨ᠂ ᠠᠭᠤᠯᠠ ᠨᠢᠷᠤᠭᠤ ᠵᠡᠷᠭᠡ ᠡᠬᠢ ᠪᠠᠶᠠᠯᠢᠭ ᠬᠢᠭᠡᠳ | ᠭᠦᠨ ᠵᠤᠵᠠᠭᠠᠨ ᠰᠣᠶᠣᠯ ᠢ ᠭᠦᠢᠴᠡᠳ ᠠᠰᠢᠭᠯᠠᠨ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ | ᠰᠠᠭᠤᠷᠢᠰᠢᠭᠰᠠᠨ ᠣᠷᠣᠨ ᠵᠢᠴᠢ ᠬᠢᠯᠢ ᠬᠢᠵᠠᠭᠠᠷ ᠤᠨ ᠭᠠᠵᠠᠷ ᠣᠷᠣᠨ ᠢ ᠳᠡᠮᠵᠢᠨ ᠵᠢᠯᠣᠭᠤᠳᠴᠤ ᠪᠠᠶᠢᠭᠠᠳ ᠡᠯᠡᠰᠦᠨ | ᠴᠥᠯ ᠤᠨ ᠵᠢᠭᠤᠯᠴᠢᠯᠠᠯ᠂ ᠰᠣᠶᠣᠯ ᠵᠢᠭᠤᠯᠴᠢᠯᠠᠯ᠂ ᠰᠡᠯᠡᠭᠦᠴᠡᠯ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ᠂ ᠬᠢᠯᠢ ᠬᠢᠵᠠᠭᠠᠷ ᠤᠨ ᠵᠢᠭᠤᠯᠴᠢᠯᠠᠯ ᠵᠡᠷᠭᠡ ᠶᠢ ᠶᠡᠬᠡᠪᠡᠷ ᠬᠥᠭᠵᠢᠭᠦᠯᠵᠦ᠂ ᠡᠯ᠎ᠡ ᠲᠥᠷᠥᠯ ᠤᠨ | ᠣᠨᠴᠠᠯᠢᠭᠲᠤ ᠵᠢᠭᠤᠯᠴᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠡᠩ ᠤᠨ ᠴᠢᠨᠠᠷᠲᠠᠶ | ᠲᠣᠭᠤᠷᠢᠨ ᠦᠵᠡᠵᠦ ᠵᠢᠭᠤᠯᠴᠢᠯᠠᠬᠤ ᠠᠴᠠ ᠰᠡᠯᠡᠭᠦᠴᠡᠬᠦ᠂ ᠠᠮᠠᠷᠠᠬᠤ᠂ ᠡᠷᠡᠭᠦᠯᠵᠢᠯ ᠰᠤᠪᠢᠯᠠᠯᠲᠠ ᠶᠢ ᠵᠡᠷᠭᠡ ᠪᠠᠷ | ᠴᠢᠬᠤᠯᠠᠴᠢᠯᠠᠬᠤ ᠲᠡᠰᠢ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠤᠨ ᠲᠠᠰ ᠳᠡᠪᠰᠢᠬᠦ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠪᠠᠭᠠᠲᠤᠷᠴᠤᠳ ᠤᠨ | ᠴᠤᠭᠯᠠᠭᠠᠨ᠂ ᠡᠯᠡᠰᠦᠨ ᠴᠥᠯ ᠤᠨ ᠰᠣᠶᠣᠯ ᠵᠢᠭᠤᠯᠴᠢᠯᠠᠯ᠂ ᠲᠤᠤᠷᠠᠶ᠂ ᠨᠠᠭᠠᠳᠤᠮ ᠤᠨ ᠬᠤᠷᠠᠯ᠂ ᠠᠯᠠᠱᠠ ᠶᠢᠨ ᠬᠠᠰ | ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠵᠡᠷᠭᠡ ᠨᠠᠷᠠᠲᠤ ᠲᠥᠷᠥᠯ ᠲᠡᠮᠳᠡᠭᠲᠦ ᠶᠢᠨ | ᠵᠢᠭᠤᠯᠴᠢᠯᠠᠯ ᠤᠨ ᠠᠵᠢᠯᠯᠠᠭ᠎ᠠ ᠶᠢ ᠦᠷᠭᠦᠯᠵᠢᠯᠡᠨ ᠪᠣᠶ ᠪᠣᠯᠭᠠᠨ᠎ᠠ︔ ᠠᠯᠠᠱᠠ ᠶᠢᠨ ᠲᠡᠮᠡᠭᠡᠨ ᠤ ᠠᠮᠢ ᠠᠬᠤᠶ ᠶᠢᠨ | ᠰᠣᠶᠣᠯ ᠤᠨ ᠬᠠᠮᠠᠭᠠᠯᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ︔ | ᠦᠨᠳᠦᠰᠦᠲᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠪᠦᠲᠦᠭᠡᠯᠴᠢ ᠴᠢᠨᠠᠷᠲᠠᠶ ᠣᠯᠠᠷᠢᠭᠤᠯᠣᠯᠳᠠ᠂ | ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠷᠢᠯᠴᠠᠨ | ᠳᠣᠲᠣᠨᠣᠴᠢᠯᠠᠬᠤ ᠶᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ | 14. ᠦᠨᠳᠦᠰᠦᠲᠡᠨ ᠤ ᠭᠠᠵᠠᠷ ᠣᠷᠣᠨ ᠤ ᠣᠶᠤᠨᠴᠢ ᠵᠢᠭᠤᠯᠴᠢᠯᠠᠯ ᠢ ᠲᠦᠷᠬᠡᠨ ᠠᠬᠢᠭᠤᠯᠤᠨ᠎ᠠ᠃ ᠡᠯ᠎ᠡ | ᠭᠠᠵᠠᠷ ᠤᠨ ᠵᠢᠭᠤᠯᠴᠢᠯᠠᠯ ᠤᠨ ᠤᠶᠤᠨᠴᠢᠯᠠᠭᠰᠠᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠶᠡᠬᠡᠪᠡᠷ ᠳᠠᠮᠵᠢᠵᠤ᠂ | ᠰᠦᠯᠵᠢᠶᠡᠨ ᠳᠡᠭᠡᠷ᠎ᠡ ᠲᠣᠭᠯᠠᠯᠲᠠ ᠭᠠᠷᠭᠠᠬᠤ᠂ ᠬᠠᠷᠢᠯᠴᠠᠨ ᠣᠶᠢᠯᠠᠭᠠᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ | ᠬᠥᠭᠵᠢᠭᠦᠯᠵᠦ᠂ ᠵᠢᠭᠤᠯᠴᠢᠯᠠᠯ ᠤᠨ ᠠᠵᠤ ᠠᠬᠤᠶᠢᠯᠠᠯ ᠤᠨ ︽ᠰᠦᠯᠵᠢᠶᠡᠨ ᠳᠤ ᠭᠠᠷᠬᠤ︾᠂ ︽ᠡᠭᠦᠯᠡᠨ | ᠲᠠᠪᠴᠠᠩ ᠳᠤ ᠭᠠᠷᠬᠤ︾ ᠶᠢ ᠵᠣᠷᠢᠭᠵᠢᠭᠤᠯᠵᠤ᠂ 5G᠂ VR᠂ ᠵᠣᠬᠢᠶᠠᠮᠠᠯ ᠣᠶᠤᠨ ᠴᠢᠳᠠᠪᠤᠷᠢ ᠵᠡᠷᠭᠡ ᠣᠳᠣ | ᠦᠶ᠎ᠡ ᠶᠢᠨ ᠮᠡᠷᠭᠡᠵᠢᠯ ᠢ ᠭᠦᠢᠴᠡᠳ ᠠᠰᠢᠭᠯᠠᠵᠤ᠂ ᠳᠡᠷᠢᠬᠦᠨ ᠤ ᠳᠠᠪᠰᠢᠭᠰᠠᠨ ᠮᠡᠷᠭᠡᠵᠢᠯ ᠢᠶᠠᠷ ᠡᠨᠧᠷᠭᠢ ᠣᠯᠭᠤᠬᠤ | ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠬᠢᠭᠤᠯᠤᠨ᠎ᠠ᠃ ᠡᠯᠡᠰᠦᠨ ᠴᠦᠯ ᠤᠨ ᠠᠭᠠᠷ ᠠᠶᠠᠯᠠᠯ ᠤᠨ ᠴᠡᠩᠭᠡᠯ ᠤᠨ | ᠬᠦᠷᠢᠶᠡᠯᠡᠩ᠂ ᠲᠤᠤᠷᠠᠶ ᠶᠢᠨ ᠣᠶ ᠶᠢᠨ ᠦᠵᠡᠮᠵᠢ ᠶᠢᠨ ᠣᠷᠣᠨ᠂ ᠪᠠᠳᠠᠢ ᠶᠢᠨ ᠵᠢᠷᠠᠨ ᠤ ᠡᠯᠡᠰᠦᠨ ᠴᠦᠯ ᠵᠡᠷᠭᠡ | ᠪᠣᠯᠪᠠᠰᠤᠷᠠᠩᠭᠤᠶ ᠦᠵᠡᠮᠵᠢ ᠶᠢᠨ ᠣᠷᠣᠨ ᠢ ᠳᠡᠷᠢᠬᠦᠨ ᠤ ᠳᠠᠪᠰᠢᠭᠰᠠᠨ ᠮᠡᠷᠭᠡᠵᠢᠯ ᠬᠢᠭᠡᠳ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ ᠲᠤᠷᠰᠢᠯᠲᠠ ᠶᠢᠨ ᠴᠡᠭ ᠪᠣᠯᠭᠠᠵᠤ᠂ ︽ᠪᠢᠴᠢᠯ ᠵᠢᠭᠤᠯᠴᠢᠯᠠᠯ︾ ᠵᠡᠷᠭᠡ ᠰᠢᠨ᠎ᠡ ᠪᠠᠷ ᠬᠥᠭᠵᠢᠭᠰᠡᠨ | ᠵᠢᠭᠤᠯᠴᠢᠯᠠᠯ ᠤᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠵᠤᠭᠠᠴᠠᠭᠰᠠᠳ ᠲᠤ ᠪᠣᠳᠠᠲᠤ ᠦᠵᠡᠮᠵᠢ ᠶᠢ | ᠰᠣᠨᠢᠷᠬᠠᠭᠤᠯᠣᠨ ᠪᠡᠶᠡᠴᠢᠯᠡᠨ ᠣᠶᠢᠯᠠᠭᠠᠭᠤᠯᠣᠨᠠ᠃ ᠦᠨᠳᠦᠰᠦᠲᠡᠨ ᠤ ᠭᠠᠵᠠᠷ ᠣᠷᠣᠨ ᠤ ᠵᠢᠭᠤᠯᠴᠢᠯᠠᠯ ᠳᠠᠬᠢ ᠰᠢᠨ᠎ᠡ | ᠮᠡᠷᠭᠡᠵᠢᠯ ᠤᠨ ᠠᠭᠤᠰᠤᠯᠴᠠᠨ ᠬᠡᠷᠡᠭᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ︽ᠨᠢᠭᠡ ᠮᠠᠰᠢᠨ ᠢᠶᠠᠷ ᠠᠯᠠᠱᠠ ᠳᠤ | ᠵᠢᠭᠤᠯᠴᠢᠯᠠᠬᠤ︾ ᠣᠶᠤᠨᠴᠢ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠲᠠᠪᠴᠠᠩ ᠤᠨ ᠪᠠᠶᠢᠭᠤᠯᠤᠯᠲᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠶᠤᠨᠴᠢ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠪᠠ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠵᠢᠭᠤᠯᠴᠢᠯᠠᠯ ᠤᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠣᠶᠤᠨᠴᠢ ᠵᠢᠭᠤᠯᠴᠢᠯᠠᠯ ᠳᠤᠮᠳᠠ ᠳᠤᠮᠳᠠᠳᠤ ᠶᠢᠨ ᠰᠣᠶᠣᠯ ᠤᠨ ᠲᠡᠮᠳᠡᠭ᠂ | ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠬᠡᠷᠡᠭᠯᠡᠬᠦ ᠶᠢ ᠴᠢᠩᠭᠠᠳᠬᠠᠵᠤ᠂ ᠳᠤᠮᠳᠠᠳᠤ ᠶᠢᠨ ᠰᠣᠶᠣᠯ ᠤᠨ | ᠢᠲᠡᠭᠡᠯ ᠢ ᠢᠯᠡᠷᠡᠭᠦᠯᠦᠨ᠎ᠡ᠃ | ︵ᠲᠦᠷᠪᠡ︶ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ | ᠭᠤᠤᠯ ᠴᠣᠭᠴᠠ ᠶᠢ ᠪᠤᠶᠢᠵᠢᠭᠤᠯᠤᠨ᠎ᠠ᠃ | ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠣᠷᠣᠯᠴᠠᠬᠤ ᠶᠢ ᠪᠠᠷᠢᠮᠲᠠᠯᠠᠨ᠂ | ᠨᠡᠶᠢᠭᠡᠮ ᠤᠨ ᠬᠦᠴᠦᠨ ᠢ ᠢᠳᠡᠪᠬᠢᠲᠡᠶ ᠪᠠᠷ ᠵᠣᠷᠢᠭᠵᠢᠭᠤᠯᠤᠨ ᠰᠣᠶᠣᠯ ᠪᠠ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠳᠤ | ᠣᠷᠣᠯᠴᠠᠭᠤᠯᠵᠤ᠂ ᠨᠢᠭᠡ ᠪᠦᠯᠦᠭ ᠵᠢᠭᠤᠯᠴᠢᠯᠠᠯ ᠤᠨ ᠰᠢᠨ᠎ᠡ ᠭᠤᠤᠯ ᠴᠣᠭᠴᠠ ᠶᠢ ᠪᠤᠶᠢᠵᠢᠭᠤᠯᠬᠤ ᠬᠡᠷᠡᠭᠲᠡᠶ᠃ | ᠦᠨᠳᠦᠰᠦᠲᠡᠨ ᠤ ᠭᠠᠵᠠᠷ ᠣᠷᠣᠨ ᠤ ᠵᠢᠭᠤᠯᠴᠢᠯᠠᠯ ᠤᠨ ᠲᠣᠭᠯᠠᠯᠲᠠ᠂ ᠰᠣᠶᠣᠯ ᠤᠨ ᠥᠪ ᠤᠨ ᠵᠢᠭᠤᠯᠴᠢᠯᠠᠯ᠂ ᠡᠮ | ᠡᠮᠨᠡᠯᠭᠡ ᠶᠢᠨ ᠡᠬᠢ ᠪᠠᠶᠠᠯᠢᠭ᠂ ᠣᠨᠴᠠᠯᠢᠭᠲᠤ ᠪᠠᠶᠠᠷ ᠳᠤᠷᠠᠰᠬᠠᠯ ᠤᠨ ᠴᠤᠭᠯᠠᠭᠠᠨ ᠦᠵᠡᠰᠬᠦᠯᠡᠩ ᠵᠡᠷᠭᠡ | ᠤᠯᠠᠮᠵᠢᠯᠠᠯᠲᠤ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠪᠦᠬᠦ ᠬᠦᠴᠦᠨ ᠢᠶᠠᠷ ᠠᠬᠢᠭᠤᠯᠵᠤ᠂ ︽ᠢᠳᠡᠵᠦ ᠤᠤᠭᠤᠬᠤ ᠬᠤᠨᠣᠵᠤ ᠬᠡᠪᠲᠡᠬᠦ ᠵᠤᠭᠠᠴᠠᠨ ᠲᠣᠭᠤᠷᠢᠬᠤ ᠵᠤᠭ᠎ᠠ | ᠴᠡᠩᠭᠡᠯ︾ ᠢ ᠬᠠᠮᠤᠷᠤᠭᠰᠠᠨ ᠰᠣᠶᠣᠯ ᠪᠡᠶ᠎ᠡ ᠶᠢᠨ ᠲᠠᠮᠢᠷ ᠤᠨ ᠬᠤᠳᠠᠯᠳᠤᠭᠠᠨ ᠤ ᠵᠢᠭᠤᠯᠴᠢᠯᠠᠯ ᠤᠨ ᠶᠡᠷᠦᠩᠬᠡᠶᠢᠯᠡᠭᠰᠡᠨ | ᠴᠣᠭᠴᠠ ᠶᠢ ᠪᠣᠢ ᠪᠣᠯᠭᠠᠨ᠎ᠠ᠃ | 15. ᠵᠢᠭᠤᠯᠴᠢᠯᠠᠯ ᠤᠨ ᠭᠤᠤᠯᠯᠠᠬᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠭᠡᠭᠵᠢᠬᠦᠯᠦᠨ᠎ᠡ᠃ | ᠵᠢᠭᠤᠯᠴᠢᠯᠠᠯ ᠤᠨ ᠠᠵᠤ ᠦᠢᠯᠡᠰ ᠤᠨ ᠭᠤᠤᠯ ᠴᠣᠭᠴᠠ ᠶᠢ ᠵᠣᠷᠢᠭᠵᠢᠭᠤᠯᠤᠨ ᠳᠡᠮᠵᠢᠵᠦ᠂ ᠵᠢᠭᠤᠯᠴᠢᠯᠠᠯ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠠᠶᠢᠮᠠᠭ ᠤᠨ ᠰᠣᠶᠣᠯ | ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠬᠢᠭᠡᠳ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ | ᠲᠠᠰ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠠᠮᠲᠤᠷᠠᠯᠴᠠᠨ ᠪᠠᠯᠠ ᠨᠡᠶᠢᠯᠡᠭᠦᠯᠬᠦ ᠶᠢ ᠠᠬᠢᠭᠤᠯᠵᠤ᠂ | ᠲᠡᠭᠦᠨ ᠢ ᠠᠵᠤ ᠦᠢᠯᠡᠰ ᠪᠠ ᠬᠥᠷᠥᠩᠭᠡ ᠶᠢᠨ ᠡᠵᠡᠩᠨᠡᠯᠲᠡ ᠶᠢ ᠨᠢᠭᠡ ᠴᠣᠭᠴᠠᠵᠢᠭᠤᠯᠤᠭᠰᠠᠨ ᠣᠷᠣᠨ ᠪᠦᠰᠡ ᠶᠢᠨ | ᠰᠣᠶᠣᠯ ᠵᠢᠭᠤᠯᠴᠢᠯᠠᠯ ᠤᠨ ᠬᠥᠲᠥᠴᠢ ᠠᠵᠤ ᠠᠬᠤᠶᠢᠯᠠᠯ ᠪᠣᠯᠭᠠᠨ ᠪᠠᠶᠢᠭᠤᠯᠵᠤ᠂ ᠭᠠᠵᠠᠷ ᠣᠷᠣᠨ ᠠᠯᠤᠰᠯᠠᠭᠰᠠᠨ᠂ | ᠠᠵᠢᠯ ᠲᠥᠷᠥᠯ ᠠᠯᠤᠰᠯᠠᠭᠰᠠᠨ᠂ ᠥᠮᠴᠢᠯᠡᠯ ᠤᠨ ᠳᠦᠷᠢᠮ ᠠᠯᠤᠰᠯᠠᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ | ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ᠂ ᠲᠥᠷᠥᠯ ᠵᠦᠢᠯ ᠢᠶᠠᠨ ᠪᠤᠵᠠᠭᠠᠶᠢᠷᠠᠭᠤᠯᠬᠤ᠂ ᠵᠢᠱᠢᠶ᠎ᠡ ᠦᠵᠡᠭᠦᠯᠦᠨ | ᠬᠥᠲᠥᠯᠦᠨ ᠳᠠᠭᠠᠭᠤᠯᠣᠨ᠎ᠠ︔ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠵᠣᠷᠢᠭᠵᠢᠭᠤᠯᠤᠨ ᠰᠣᠶᠣᠯ | ᠵᠢᠭᠤᠯᠴᠢᠯᠠᠯ ᠤᠨ ᠠᠵᠤ ᠦᠢᠯᠡᠰ ᠲᠤ ᠣᠷᠣᠯᠴᠠᠭᠤᠯᠵᠤ᠂ ᠰᠣᠳᠣᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠪᠥᠲᠥᠭᠡᠨ ᠪᠠᠶᠢᠭᠤᠯᠤᠯᠲᠠ᠂ ᠦᠵᠡᠰᠬᠦᠯᠡᠩ᠂ ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠬᠥᠭᠵᠢᠯᠲᠡ᠂ | ᠤᠬᠠᠭᠤᠯᠭ᠎ᠠ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠵᠡᠷᠭᠡ ᠠᠵᠢᠯ ᠢ ᠢᠳᠡᠪᠬᠢᠲᠡᠶ ᠥᠷᠨᠢᠭᠦᠯᠵᠦ᠂ ᠪᠥᠬᠦ ᠤᠯᠤᠰ ᠲᠤ | ᠠᠯᠳᠠᠷᠰᠢᠵᠤ᠂ ᠵᠠᠬ᠎ᠠ ᠳᠡᠯᠭᠡᠭᠦᠷ ᠲᠤ ᠲᠣᠭᠲᠠᠵᠤ ᠳᠡᠶᠢᠯᠬᠦ ᠨᠢᠭᠡ ᠪᠦᠯᠦᠭ ᠰᠣᠳᠣᠨ ᠰᠣᠶᠣᠯ ᠵᠢᠭᠤᠯᠴᠢᠯᠠᠯ ᠤᠨ | ᠲᠥᠷᠥᠯ ᠵᠦᠢᠯ ᠢ ᠴᠢᠷᠮᠠᠶᠢᠨ ᠪᠣᠶ ᠪᠣᠯᠭᠠᠨ᠎ᠠ᠃ | 16. ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠠᠬᠤᠶᠢᠯᠠᠯ ᠢ ᠬᠦᠴᠦᠯᠡᠨ ᠪᠤᠶᠢᠵᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠵᠢᠭᠤᠯᠴᠢᠯᠠᠯ ᠤᠨ | ᠦᠢᠯᠡᠰ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠮᠠᠯᠵᠢᠯ ᠤᠨ | ᠲᠠᠯᠠᠪᠠᠢ᠂ ᠤᠯᠠᠮᠵᠢᠯᠠᠯᠲᠤ ᠡᠵᠡᠩᠨᠡᠯᠲᠡ ᠶᠢᠨ ᠮᠠᠯᠵᠢᠬᠤ ᠲᠠᠷᠢᠶᠠᠯᠠᠬᠤ ᠡᠷᠦᠬᠡ᠂ ᠤᠯᠠᠮᠵᠢᠯᠠᠯᠲᠤ ᠤᠷ᠎ᠠ ᠮᠡᠷᠭᠡᠰᠢᠯ ᠤᠨ | ᠡᠵᠡᠩᠨᠡᠭᠴᠢ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠪᠣᠯᠤᠨ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠬᠥᠮᠦᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠪᠣᠯᠤᠨ ᠦᠢᠯᠡᠴᠢᠯᠡᠭᠡ ᠳᠤ | ᠣᠷᠣᠯᠴᠠᠬᠤ ᠶᠢ ᠵᠣᠷᠢᠭᠵᠢᠭᠤᠯᠤᠨ᠎ᠠ᠃ ᠠᠯᠠᠱᠠ ᠶᠢᠨ ᠲᠡᠤᠬᠡ᠂ ᠰᠣᠶᠣᠯ ᠪᠠ ᠠᠮᠢ ᠠᠬᠤᠶ ᠣᠷᠴᠢᠨ ᠲᠣᠭᠤᠷᠢᠨ ᠤ | ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠭᠤᠤᠯ ᠰᠡᠳᠦᠪ ᠨᠢ ᠲᠣᠪᠤᠶᠢᠮ᠎ᠠ ᠴᠢᠨᠠᠷ ᠰᠠᠶᠢᠲᠠᠶ ᠵᠣᠴᠢᠳ ᠤᠨ | ᠪᠠᠭᠤᠳᠠᠯ᠂ ᠤᠯᠠᠭ᠎ᠠ ᠥᠷᠲᠡᠭᠡ᠂ ᠬᠤᠸᠠᠷᠠᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ | ᠡᠷᠦᠬᠡ ᠶᠢ ᠪᠠᠶᠢᠭᠤᠯᠤᠨ᠎ᠠ᠃ ᠠᠵᠤ ᠠᠬᠤᠶ ᠶᠢᠨ ᠲᠠᠯ᠎ᠠ ᠪᠠᠷ ᠪᠠᠭᠤᠷᠠᠶ ᠭᠠᠵᠠᠷ ᠣᠷᠣᠨ᠂ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ᠂ ᠡᠷᠲᠡ ᠴᠢᠯᠥᠭᠡᠯᠡᠭᠳᠡᠭᠰᠡᠨ ᠣᠷᠣᠨ᠂ ᠬᠢᠯᠢ ᠬᠢᠵᠠᠭᠠᠷ ᠣᠷᠣᠨ ᠤ ᠬᠥᠳᠡᠭᠡ ᠲᠣᠰᠬᠤᠨ ᠤ | ᠵᠢᠭᠤᠯᠴᠢᠯᠠᠯ ᠢ ᠬᠥᠭᠵᠢᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠢ ᠰᠠᠶᠢᠵᠢᠷᠠᠭᠤᠯᠬᠤ ᠪᠦᠲᠦᠭᠡᠨ | ᠪᠠᠶᠢᠭᠤᠯᠤᠯᠲᠠ ᠲᠠᠢ ᠤᠶᠠᠯᠳᠤᠭᠤᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠠᠷᠠᠳ ᠤᠨ ᠰᠠᠭᠤᠴᠠ ᠶᠢ | ᠬᠥᠭᠵᠢᠭᠦᠯᠦᠨ᠎ᠡ᠃ ᠲᠣᠰᠬᠤᠨ ᠤ ᠬᠠᠮᠲᠤ ᠨᠡᠶᠢᠲᠡ ᠪᠠ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠠᠯᠠ | ᠮᠥᠩᠭᠦ᠂ ᠮᠡᠷᠭᠡᠵᠢᠯ᠂ ᠲᠠᠷᠢᠶᠠᠨ ᠭᠠᠵᠠᠷ᠂ ᠣᠶᠢᠲᠤ ᠭᠠᠵᠠᠷ᠂ ᠮᠠᠯᠵᠢᠯ ᠤᠨ ᠲᠠᠯᠠᠪᠠᠶ᠂ ᠬᠡᠷ ᠪᠠᠶᠢᠰᠢᠩ ᠵᠢᠴᠢ ᠬᠥᠳᠡᠭᠡ | ᠲᠣᠰᠬᠤᠨ ᠤ ᠬᠠᠮᠲᠤ ᠶᠢᠨ ᠡᠳ᠋ ᠬᠥᠷᠥᠩᠭᠡ ᠵᠡᠷᠭᠡ ᠶᠢ ᠠᠰᠢᠭᠯᠠᠨ ᠬᠥᠳᠡᠭᠡ ᠲᠣᠰᠬᠤᠨ ᠤ ᠵᠢᠭᠤᠯᠴᠢᠯᠠᠯ ᠤᠨ | ᠬᠤᠷᠰᠢᠶ᠎ᠠ᠂ ᠵᠢᠭᠤᠯᠴᠢᠯᠠᠯ ᠤᠨ ᠠᠵᠤ ᠠᠬᠤᠶᠢᠯᠠᠯ᠂ ᠵᠢᠭᠤᠯᠴᠢᠯᠠᠯ ᠤᠨ ᠲᠥᠷᠥᠯ ᠵᠦᠢᠯ ᠳᠤ ᠬᠤᠪᠢ ᠣᠷᠣᠭᠤᠯᠤᠨ | ᠠᠰᠢᠭ ᠭᠥᠷᠳᠡᠵᠦ᠂ ᠮᠠᠯᠴᠢᠨ ᠲᠠᠷᠢᠶᠠᠴᠢᠨ᠂ ᠲᠣᠰᠬᠤᠨ ᠤ ᠬᠠᠮᠲᠤ᠂ ᠪᠠᠯᠠ ᠣᠷᠣᠭᠤᠯᠤᠭᠴᠢ ᠵᠡᠷᠭᠡ ᠡᠯ᠎ᠡ ᠲᠠᠯ᠎ᠠ | ᠶᠢ ᠵᠢᠯᠣᠭᠤᠳᠤᠨ ᠠᠰᠢᠭ ᠲᠤᠰᠠ ᠶᠢ ᠬᠤᠯᠪᠣᠭᠰᠠᠨ ᠬᠤᠷᠰᠢᠨ ᠡᠵᠡᠩᠨᠡᠬᠦ ᠲᠣᠭᠲᠠᠴᠠ ᠶᠢ ᠪᠠᠶᠢᠭᠤᠯᠵᠤ᠂ ᠬᠥᠳᠡᠭᠡ | ᠲᠣᠰᠬᠤᠨ ᠤ ᠵᠢᠭᠤᠯᠴᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠬᠦᠴᠦᠯᠡᠨ | ᠪᠤᠶᠢᠵᠢᠭᠤᠯᠤᠨ᠎ᠠ᠃ | 17. ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ | ᠰᠣᠶᠣᠯ ᠤᠨ ᠲᠣᠭᠯᠠᠯᠲᠠ᠂ ᠺᠢᠨᠣ᠋ ᠲᠧᠯᠸᠢᠰ ᠤᠨ ᠦᠵᠡᠬᠦᠯᠦᠯᠬᠡ᠂ ᠤᠷᠠᠯᠢᠭ ᠤᠨ ᠵᠣᠬᠢᠶᠠᠨ ᠪᠦᠲᠦᠭᠡᠯᠭᠡ ᠵᠡᠷᠭᠡ | ᠤᠷᠠᠯᠢᠭ ᠤᠨ ᠲᠥᠷᠥᠯ ᠵᠦᠢᠯ ᠢ ᠶᠡᠬᠡᠪᠡᠷ ᠬᠥᠭᠵᠢᠭᠦᠯᠵᠦ᠂ ᠠᠯᠠᠱᠠ ᠶᠢᠨ ᠣᠨᠴᠠᠯᠢᠭ ᠲᠠᠢ ᠲᠣᠮᠣ ᠬᠡᠯᠪᠡᠷᠢ ᠶᠢᠨ | ᠭᠤᠤᠯ ᠰᠡᠳᠦᠪᠲᠦ ᠲᠣᠭᠯᠠᠯᠲᠠ ᠶᠢ ᠭᠠᠷᠭᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠭᠤᠣᠯ | ᠰᠡᠳᠦᠪ ᠪᠣᠯᠭᠠᠭᠰᠠᠨ ᠦᠨᠳᠦᠰᠦᠲᠡᠨ ᠤ ᠰᠣᠶᠣᠯ ᠤᠨ ᠲᠣᠭᠯᠠᠯᠲᠠ ᠶᠢᠨ ᠤᠷᠠᠯᠢᠭ ᠢ ᠢᠳᠡᠪᠬᠢᠲᠡᠢ ᠠᠬᠢᠭᠤᠯᠵᠤ᠂ | ᠲᠣᠭᠯᠠᠯᠲᠠ ᠶᠢᠨ ᠤᠷᠠᠯᠢᠭ ᠤᠨ ᠠᠵᠢᠯᠯᠠᠭ᠎ᠠ ᠶᠢ ᠦᠵᠡᠮᠵᠢ ᠶᠢᠨ ᠣᠷᠣᠨ ᠳᠤ ᠣᠷᠣᠭᠤᠯᠬᠤ ᠶᠢ ᠰᠠᠶᠢᠲᠤᠷ ᠠᠳᠬᠤᠵᠤ᠂ | ︽ᠭᠠᠶᠢᠬᠠᠮᠰᠢᠭᠳᠣ ᠳᠣᠩᠬᠤ ᠶᠢᠨ ᠳᠠᠯ᠎ᠠ ᠪᠠᠷ ᠵᠣᠭᠠᠴᠠᠬᠤᠢ︾ ᠵᠡᠷᠭᠡ ᠰᠣᠶᠣᠯ ᠵᠢᠭᠤᠯᠴᠢᠯᠠᠯ ᠤᠨ ᠲᠣᠭᠯᠠᠯᠲᠠ ᠶᠢᠨ | ᠤᠷᠠᠯᠢᠭ ᠤᠨ ᠲᠦᠷᠦᠯ ᠵᠦᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠣᠨ᠎ᠠ︔ ᠤᠯᠠᠭᠠᠨᠮᠥ᠋ᠴᠢᠷ ᠢ ᠵᠣᠬᠢᠶᠠᠨ | ᠪᠠᠶᠢᠭᠤᠯᠤᠨ ᠰᠣᠶᠣᠯ ᠵᠢᠭᠤᠯᠴᠢᠯᠠᠯ ᠤᠨ ᠬᠠᠮ ᠲᠡᠷᠭᠡ ᠶᠢ ᠦᠵᠡᠮᠵᠢ ᠶᠢᠨ ᠣᠷᠣᠨ ᠳᠤ ᠣᠷᠣᠭᠤᠯᠵᠤ ᠲᠣᠭᠤᠷᠢᠨ | ᠦᠵᠡᠭᠦᠯᠵᠦ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠵᠦ᠂ ᠰᠢᠯᠢᠳᠡᠭ ᠤᠷᠠᠨ ᠰᠠᠶᠢᠬᠠᠨ ᠤ ᠪᠦᠲᠦᠭᠡᠯ ᠪᠣᠯᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠭᠦᠨᠵᠡᠭᠡᠢ ᠤᠶᠠᠯᠳᠤᠭᠤᠯᠬᠤ ᠶᠢ ᠠᠬᠢᠭᠤᠯᠣᠨ᠎ᠠ᠃ ᠵᠢᠭᠤᠯᠴᠢᠯᠠᠯ ᠤᠨ | ᠲᠣᠭᠯᠠᠯᠲᠠ ᠶᠢᠨ ᠤᠷᠠᠯᠢᠭ ᠤᠨ ᠡᠵᠡᠩᠨᠡᠯᠲᠡ ᠶᠢᠨ ᠭᠤᠤᠯ ᠴᠣᠭᠴᠠ ᠶᠢ ᠳᠤᠮᠳᠠᠳᠤ ᠤᠯᠤᠰ ᠤᠨ ᠵᠢᠭᠤᠯᠴᠢᠯᠠᠯ ᠤᠨ | ᠡᠳᠦᠷ᠂ ᠰᠣᠶᠣᠯ ᠪᠠ ᠪᠠᠶᠢᠭᠠᠯᠢ ᠶᠢᠨ ᠥᠪ ᠤᠨ ᠡᠳᠦᠷ᠂ ᠮᠦᠽᠧᠶ ᠶᠢᠨ ᠡᠳᠦᠷ ᠵᠡᠷᠭᠡ ᠴᠠᠭ ᠬᠤᠭᠤᠴᠠᠭ᠎ᠠ ᠲᠠᠢ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠰᠣᠶᠣᠯ ᠵᠢᠭᠤᠯᠴᠢᠯᠠᠯ ᠤᠨ ᠨᠠᠶᠢᠷ ᠤᠨ | ᠠᠵᠢᠯᠯᠠᠭ᠎ᠠ ᠳᠤ ᠲᠦᠰᠢᠭᠯᠡᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠦᠢᠯᠡᠴᠢᠯᠡᠭᠡ ᠥᠷᠨᠢᠭᠦᠯᠬᠦ ᠶᠢ | ᠳᠡᠮᠵᠢᠨ᠎ᠡ︔ ᠡᠯ᠎ᠡ ᠲᠥᠷᠥᠯ ᠤᠨ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠲᠣᠭᠯᠠᠯᠲᠠ ᠭᠠᠷᠭᠠᠬᠤ | ᠪᠠᠶᠢᠭᠤᠯᠤᠮᠵᠢ ᠬᠢᠭᠡᠳ ᠲᠣᠭᠯᠠᠯᠲᠠ ᠶᠢᠨ ᠵᠠᠭᠤᠴᠢ ᠪᠠᠶᠢᠭᠤᠯᠤᠮᠵᠢ᠂ ᠲᠣᠭᠯᠠᠯᠲᠠ ᠶᠢᠨ ᠲᠠᠯᠠᠪᠤᠷ ᠭᠠᠵᠠᠷ ᠵᠡᠷᠭᠡ ᠣᠯᠠᠨ | ᠵᠦᠢᠯ ᠤᠨ ᠬᠡᠯᠪᠡᠷᠢ ᠪᠠᠷ ᠵᠢᠭᠤᠯᠴᠢᠯᠠᠯ ᠤᠨ ᠲᠣᠭᠯᠠᠯᠲᠠ ᠶᠢᠨ ᠲᠥᠷᠥᠯ ᠵᠦᠢᠯ ᠳᠤ ᠣᠷᠣᠯᠴᠠᠬᠤ ᠶᠢ ᠳᠡᠮᠵᠢᠨ᠎ᠡ᠃ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠠᠵᠠᠷ ᠣᠷᠣᠨ ᠤ ᠣᠨᠴᠠᠯᠢᠭ ᠲᠠᠢ ᠵᠢᠭᠤᠯᠴᠢᠯᠠᠯ ᠤᠨ ᠤᠷᠠᠨ | ᠰᠠᠶᠢᠬᠠᠨ ᠤ ᠲᠣᠭᠯᠠᠯᠲᠠ ᠭᠠᠷᠭᠠᠬᠤ ᠶᠢ ᠳᠡᠮᠵᠢᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠡᠵᠡᠩᠨᠡᠯᠲᠡ ᠶᠢᠨ | ᠦᠢᠯᠡᠴᠢᠯᠡᠭᠡ ᠳᠤ ᠣᠷᠣᠯᠴᠠᠭᠤᠯᠵᠤ᠂ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠠᠭᠤᠳᠠᠯᠵᠤ ᠬᠤᠪᠢᠰᠬᠠᠯᠲᠤ | ᠵᠢᠭᠤᠯᠴᠢᠯᠠᠯ ᠤᠨ ᠲᠣᠭᠯᠠᠯᠲᠠ ᠶᠢᠨ ᠲᠥᠷᠥᠯ ᠵᠦᠢᠯ ᠢ ᠢᠳᠡᠪᠬᠢᠲᠡᠢ ᠨᠡᠭᠡᠭᠡᠨ ᠬᠥᠭᠵᠢᠭᠦᠯᠦᠨ᠎ᠡ᠃ | 18 ᠰᠣᠶᠣᠯ ᠤᠨ ᠪᠦᠲᠦᠭᠡᠯᠴᠢ ᠠᠵᠤ ᠦᠢᠯᠡᠰ ᠢ ᠶᠡᠬᠡᠪᠡᠷ ᠬᠦᠭᠵᠢᠬᠦᠯᠦᠨ᠎ᠡ᠃ ᠠᠯᠠᠱᠠ ᠶᠢᠨ ᠬᠤᠪᠢᠰᠬᠠᠯᠲᠤ | ᠰᠣᠶᠣᠯ᠂ ᠲᠡᠦᠬᠡ ᠰᠣᠶᠣᠯ᠂ ᠠᠷᠠᠳ ᠤᠨ ᠵᠠᠩ ᠦᠢᠯᠡ ᠵᠢᠴᠢ ᠡᠯ᠎ᠡ ᠲᠥᠷᠥᠯ ᠤᠨ ᠰᠣᠶᠣᠯ ᠤᠨ ᠥᠪ ᠢ ᠭᠦᠨᠵᠡᠭᠡᠶ | ᠠᠭᠤᠳᠠᠯᠤᠨ ᠠᠰᠢᠭᠯᠠᠵᠤ᠂ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠪᠠ ᠣᠨᠴᠠᠯᠢᠭᠲᠤ ᠵᠢᠭᠤᠯᠴᠢᠯᠠᠯ ᠤᠨ | ᠲᠠᠸᠠᠷ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠣᠨᠴᠠᠯᠢᠭᠲᠤ ᠵᠢᠭᠤᠯᠴᠢᠯᠠᠯ ᠤᠨ ᠲᠠᠸᠠᠷ ᠢ ᠶᠡᠬᠡᠪᠡᠷ | ᠨᠡᠭᠡᠭᠡᠨ ᠬᠥᠭᠵᠢᠭᠦᠯᠵᠦ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ᠂ ᠬᠢᠯᠢ ᠬᠢᠵᠠᠭᠠᠷ ᠣᠷᠣᠨ ᠪᠣᠯᠤᠨ | ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭᠰᠠᠨ ᠣᠷᠣᠨ ᠤ ᠣᠯᠠᠨ ᠲᠦᠮᠡᠨ ᠤ ᠤᠯᠠᠮᠵᠢᠯᠠᠯᠲᠤ ᠭᠠᠷ | ᠤᠷᠠᠯᠠᠯ ᠢ ᠢᠳᠡᠪᠬᠢᠲᠡᠶ ᠪᠠᠷ ᠠᠰᠢᠭᠯᠠᠨ ᠪᠣᠳᠠᠰ ᠤᠨ ᠪᠤᠰᠤ ᠰᠣᠶᠣᠯ ᠤᠨ ᠥᠪ ᠵᠢᠴᠢ ᠰᠣᠶᠣᠯ ᠤᠨ ᠡᠭᠦᠳᠦᠯᠲᠡ ᠶᠢᠨ | ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠭᠤᠤᠯᠳᠠᠯᠭ᠎ᠠ ᠲᠠᠢ ᠲᠡᠳᠬᠦᠨ᠎ᠡ︔ ᠵᠢᠭᠤᠯᠴᠢᠯᠠᠯ ᠤᠨ ᠲᠠᠸᠠᠷ ᠢ ᠰᠤᠳᠤᠯᠤᠨ | ᠨᠡᠭᠡᠭᠡᠬᠦ᠂ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠪᠦᠬᠦ ᠠᠵᠤ ᠦᠢᠯᠡᠰ ᠤᠨ | ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︽ᠠᠯᠠᠱᠠ ᠶᠢᠨ ᠵᠢᠭᠤᠯᠴᠢᠯᠠᠯ ᠤᠨ ᠪᠡᠯᠡᠭ︾ | ᠢᠶᠠᠨ ᠳᠡᠪᠰᠢᠬᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠬ᠎ᠠ ᠳᠡᠯᠭᠡᠭᠦᠷ ᠢ ᠥᠷᠭᠡᠳᠬᠡᠵᠦ᠂ | ᠴᠢᠨᠠᠷ ᠰᠠᠶᠢᠲᠠᠶ ᠣᠨᠴᠠᠯᠢᠭᠲᠤ ᠵᠢᠭᠤᠯᠴᠢᠯᠠᠯ ᠤᠨ ᠲᠠᠸᠠᠷ ᠤᠨ ᠦᠵᠡᠮᠵᠢ ᠶᠢᠨ ᠣᠷᠣᠨ᠂ ᠣᠨᠴᠠᠯᠢᠭᠲᠤ ᠲᠠᠸᠠᠷ ᠤᠨ | ᠵᠡᠭᠡᠯᠢ ᠲᠣᠭᠤᠷᠢᠭ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠵᠡᠷᠭᠡ ᠵᠤᠭᠠᠴᠠᠭᠰᠠᠳ | ᠲᠦᠪᠯᠡᠷᠡᠭᠰᠡᠨ ᠣᠷᠣᠨ ᠢ ᠳᠡᠮᠵᠢᠨ᠎ᠡ᠃ ︽ᠠᠯᠠᠱᠠ ᠶᠢᠨ ᠵᠢᠭᠤᠯᠴᠢᠯᠠᠯ ᠤᠨ ᠪᠡᠯᠡᠭ︾ ᠰᠣᠶᠣᠯ ᠵᠢᠭᠤᠯᠴᠢᠯᠠᠯ ᠤᠨ | ᠲᠠᠸᠠᠷ ᠤᠨ ᠲᠦᠷᠦᠯ ᠲᠡᠮᠳᠡᠭ ᠢ ᠡᠭᠦᠳᠴᠦ᠂ ︽ᠠᠯᠠᠱᠠ ᠶᠢᠨ ᠵᠢᠭᠤᠯᠴᠢᠯᠠᠯ ᠤᠨ ᠪᠡᠯᠡᠭ︾ ᠰᠣᠶᠣᠯ | ᠵᠢᠭᠤᠯᠴᠢᠯᠠᠯ ᠤᠨ ᠲᠠᠸᠠᠷ ᠤᠨ ᠲᠦᠷᠦᠯ ᠲᠡᠮᠳᠡᠭ ᠤᠨ ᠳᠡᠯᠭᠡᠭᠦᠷ ᠢ ᠲᠡᠳᠬᠦᠨ ᠳᠡᠮᠵᠢᠨ᠎ᠡ᠃ | ︵ᠲᠠᠪᠤ︶ ᠰᠢᠨ᠎ᠡ ᠶᠢ ᠡᠭᠦᠳᠬᠦ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ | ᠰᠠᠭᠤᠷᠢᠨ ᠢ ᠰᠠᠶᠢᠲᠤᠷ ᠠᠰᠢᠭᠯᠠᠨ᠎ᠠ | ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ | ᠪᠠᠷᠢᠮᠲᠠᠯᠠᠵᠤ᠂ ᠵᠢᠭᠤᠯᠴᠢᠯᠠᠯ ᠤᠨ ᠬᠤᠲᠠ᠂ ᠦᠵᠡᠮᠵᠢ ᠶᠢᠨ ᠣᠷᠣᠨ᠂ ᠬᠥᠳᠡᠭᠡ ᠲᠣᠰᠬᠤᠨ ᠳᠤ ᠠᠩᠬᠠᠷᠤᠯ ᠢᠶᠠᠨ | ᠲᠥᠪᠯᠡᠷᠡᠭᠦᠯᠵᠦ᠂ ᠦᠨᠳᠦᠰᠦᠲᠡᠨ ᠤ ᠵᠠᠩ ᠦᠢᠯᠡ ᠶᠢᠨ ᠰᠣᠶᠣᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ | ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢ ᠡᠭᠦᠳᠦᠨ | ᠪᠠᠶᠢᠭᠤᠯᠬᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ | 19. ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠡᠭᠦᠳᠦᠨ ᠪᠠᠶᠢᠭᠤᠯᠤᠨ᠎ᠠ᠃ ᠠᠯᠠᠱᠠ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠠᠷᠭ᠎ᠠ᠂ ᠬᠡᠪ ᠵᠠᠭᠪᠤᠷ ᠢ | ᠢᠳᠡᠪᠬᠢᠲᠡᠶ ᠰᠦᠪᠡᠭᠴᠢᠯᠡᠵᠦ᠂ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ᠂ ᠡᠵᠡᠨ᠎ᠡ ᠬᠤᠰᠢᠭᠤᠨ ᠤ | ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ | ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠰᠠᠨᠰᠠᠷ ᠠᠶᠠᠯᠠᠯ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠭᠤᠶᠤᠴᠢᠯᠠᠨ ᠮᠡᠳᠡᠭᠦᠯᠬᠦ ᠶᠢ ᠠᠬᠢᠭᠤᠯᠵᠤ᠂ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠪᠣᠳᠠᠲᠤ | ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃ ᠪᠥᠬᠦ ᠤᠯᠤᠰ᠂ ᠪᠥᠬᠦ ᠣᠷᠣᠨ ᠤ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠶᠢ ᠭᠤᠶᠤᠴᠢᠯᠠᠨ ᠮᠡᠳᠡᠭᠦᠯᠬᠦ ᠠᠵᠢᠯ ᠢ | ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ | ᠬᠢᠯᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠬᠤᠪᠢᠰᠬᠠᠯ ᠤᠨ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠵᠡᠷᠭᠡ ᠠᠯᠢ ᠣᠯᠠᠨ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠢᠭᠡ ᠪᠦᠯᠦᠭ ᠤᠨᠴᠠᠯᠢᠬᠳᠤ ᠵᠢᠭᠤᠯᠴᠢᠯᠠᠯ ᠤᠨ ᠰᠠᠭᠤᠷᠢᠨ ᠭᠠᠵᠠᠷ ᠢ ᠪᠣᠶ ᠪᠣᠯᠭᠠᠵᠤ᠂ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠠᠴᠢ | ᠬᠤᠯᠪᠣᠭᠳᠠᠯ ᠢ ᠲᠣᠪᠤᠶᠢᠮ᠎ᠠ ᠢᠯᠡᠷᠡᠭᠦᠯᠦᠨ᠎ᠡ᠃ | 20. ᠬᠥᠳᠡᠭᠡ ᠲᠣᠰᠬᠤᠨ ᠤ ᠵᠢᠭᠤᠯᠴᠢᠯᠠᠯ ᠰᠡᠯᠡᠭᠦᠴᠡᠯ ᠤᠨ ᠰᠢᠨ᠎ᠡ ᠣᠷᠣᠨ ᠵᠠᠶ ᠶᠢ ᠥᠷᠭᠡᠳᠬᠡᠨ᠎ᠡ᠃ ᠬᠥᠳᠡᠭᠡ | ᠲᠣᠰᠬᠤᠨ ᠤ ᠵᠢᠭᠤᠯᠴᠢᠯᠠᠯ ᠤᠨ ᠰᠣᠳᠣᠨ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ | ᠵᠢᠭᠤᠯᠴᠢᠯᠠᠯ ᠤᠨ ᠤᠯᠠᠮᠵᠢᠯᠠᠯᠲᠤ ᠪᠦᠲᠦᠭᠡᠭᠳᠡᠬᠦᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ | ᠬᠥᠳᠡᠭᠡ ᠲᠣᠰᠬᠤᠨ ᠤ ᠣᠯᠠᠨ ᠡᠰᠢᠵᠢᠭᠰᠡᠨ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠨ᠎ᠡ᠃ ᠡᠯᠡᠰᠦ᠂ | ᠲᠤᠤᠷᠠᠢ᠂ ᠤᠢ ᠰᠢᠭᠤᠶ᠂ ᠭᠤᠪᠢ᠂ ᠨᠠᠭᠤᠷ ᠵᠡᠷᠭᠡ ᠪᠣᠬᠢᠷᠲᠤᠯ ᠦᠭᠡᠢ ᠠᠮᠢ ᠠᠬᠤᠢ ᠶᠢᠨ ᠡᠬᠢ ᠪᠠᠶᠠᠯᠢᠭ ᠤᠨ | ᠲᠣᠭᠤᠷᠢᠨ ᠳᠤ᠂ ᠲᠡᠦᠬᠡ ᠶᠢᠨ ᠦᠯᠢᠭᠡᠷ᠂ ᠨᠤᠲᠤᠭ ᠤᠨ ᠵᠠᠩᠰᠢᠯ ᠠᠷᠠᠳ ᠤᠨ ᠵᠠᠩ ᠦᠢᠯᠡ ᠵᠡᠷᠭᠡ ᠰᠣᠶᠣᠯ | ᠢᠷᠭᠡᠨᠰᠢᠯ ᠤᠨ ᠡᠬᠢ ᠪᠠᠶᠠᠯᠢᠭ ᠢ ᠠᠭᠤᠳᠠᠯᠵᠤ᠂ ︽ᠲᠠᠷᠢᠶᠠᠯᠠᠩ ᠤᠨ ᠲᠣᠭᠤᠷᠢᠨ ᠦᠵᠡᠬᠦ ᠮᠠᠯᠵᠢᠬᠤ ᠣᠷᠣᠨ ᠤ | ᠪᠡᠶᠡᠴᠢᠯᠡᠨ ᠣᠶᠢᠯᠠᠭᠠᠬᠤ ᠰᠣᠶᠣᠯ ᠢ ᠪᠡᠶᠡᠴᠢᠯᠡᠨ ᠣᠶᠢᠯᠠᠭᠠᠬᠤ ᠠᠮᠠᠷᠠᠯᠲᠠ ᠰᠡᠯᠡᠭᠦᠴᠡᠯ︾ ᠵᠡᠷᠭᠡ ᠵᠢᠭᠤᠯᠴᠢᠯᠠᠯ ᠤᠨ | ᠠᠭᠤᠰᠤᠯᠴᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠵᠤ᠂ ᠣᠨᠴᠠᠯᠢᠭᠲᠤ ᠠᠮᠲᠠᠲᠤ ᠢᠳᠡᠭᠡᠨ᠂ | ᠣᠨᠴᠠᠯᠢᠭᠲᠤ ᠪᠣᠳᠠᠰ ᠤᠨ ᠭᠠᠷᠤᠯᠲᠠ᠂ ᠰᠢ ᠳᠠᠭᠤᠷᠢᠯᠢᠭ ᠤᠨ ᠤᠷᠠᠨ ᠲᠣᠭᠯᠠᠯᠲᠠ᠂ ᠠᠷᠠᠳ ᠤᠨ ᠵᠠᠩ ᠦᠢᠯᠡ ᠶᠢᠨ | ᠲᠣᠭᠯᠠᠯᠲᠠ ᠵᠡᠷᠭᠡ ᠡᠬᠢ ᠪᠠᠶᠠᠯᠢᠭ ᠲᠤ ᠲᠦᠰᠢᠭᠯᠡᠨ᠂ ᠬᠥᠳᠡᠭᠡ ᠲᠣᠰᠬᠤᠨ ᠤ ᠰᠥᠨᠢ ᠶᠢᠨ ᠴᠤᠭᠯᠠᠭ᠎ᠠ ᠮᠠᠶᠢᠮᠠᠶ᠂ | ᠦᠳᠡᠰᠢ ᠶᠢᠨ ᠲᠣᠭᠯᠠᠯᠲᠠ ᠶᠢᠨ ᠤᠷᠠᠯᠢᠭ ᠵᠡᠷᠭᠡ ᠰᠥᠨᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ | ᠰᠥᠨᠢ ᠶᠢᠨ ᠠᠵᠤ ᠠᠬᠤᠶ ᠶᠢ ᠬᠥᠲᠥᠯᠥᠨ ᠵᠢᠯᠣᠭᠤᠳᠴᠤ ᠪᠠᠶᠢᠭᠠᠳ ᠰᠥᠨᠢ ᠶᠢᠨ ᠠᠵᠤ ᠠᠬᠤᠶ ᠶᠢ ᠬᠥᠭᠵᠢᠭᠦᠯᠵᠦ᠂ | ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ᠎ᠡ᠃ ᠬᠥᠳᠡᠭᠡ ᠲᠣᠰᠬᠤᠨ ᠤ ᠮᠠᠯᠴᠢᠨ | ᠲᠠᠷᠢᠶᠠᠴᠢᠨ ᠤ ᠥᠪᠡᠷ ᠤᠨ ᠣᠷᠣᠨ ᠰᠠᠭᠤᠴᠠ ᠶᠢᠨ ᠰᠠᠭᠤᠷᠢ ᠭᠠᠵᠠᠷ ᠪᠠ ᠰᠤᠯᠠ ᠪᠠᠶᠢᠬᠤ ᠭᠡᠷ ᠪᠠᠶᠢᠰᠢᠩ ᠢᠶᠠᠨ | ᠠᠰᠢᠭᠯᠠᠬᠤ ᠶᠢ ᠵᠣᠷᠢᠭᠵᠢᠭᠤᠯᠵᠤ᠂ ᠣᠨᠴᠠᠯᠢᠭᠲᠤ ᠠᠷᠠᠳ ᠤᠨ ᠰᠠᠭᠤᠴᠠ ᠪᠠ ᠬᠥᠳᠡᠭᠡ ᠲᠣᠰᠬᠤᠨ ᠤ ᠠᠮᠠᠷᠠᠯᠲᠠ ᠶᠢᠨ | ᠪᠠᠭᠤᠳᠠᠯ ᠢ ᠥᠭᠡᠷᠡᠴᠢᠯᠡᠨ ᠬᠥᠭᠵᠢᠭᠦᠯᠵᠦ᠂ ᠨᠤᠲᠤᠭ ᠤᠨ ᠰᠣᠶᠣᠯ ᠤᠨ ᠦᠨᠦᠷ ᠠᠮᠲᠠ ᠪᠠᠷ ᠪᠠᠶᠠᠯᠢᠭ ᠬᠥᠳᠡᠭᠡ | ᠲᠣᠰᠬᠤᠨ ᠤ ᠵᠢᠭᠤᠯᠴᠢᠯᠠᠯ ᠰᠡᠯᠡᠭᠦᠴᠡᠯ ᠤᠨ ᠣᠷᠣᠨ ᠵᠠᠶ ᠶᠢ ᠡᠭᠦᠳᠦᠨ ᠪᠠᠶᠢᠭᠤᠯᠤᠨ᠎ᠠ᠃ | 21. ᠬᠢᠯᠢ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠮᠠᠨ ᠤ ᠠᠶᠢᠮᠠᠭ ᠤᠨ ᠬᠢᠯᠢ ᠶᠢᠨ ᠱᠤᠭᠤᠮ ᠤᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠥᠲᠥᠭᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠬᠢᠯᠢ ᠶᠢᠨ ᠵᠢᠭᠤᠯᠴᠢᠯᠠᠯ᠂ ᠬᠢᠯᠢ ᠠᠯᠤᠰᠯᠠᠭᠰᠠᠨ | ᠵᠢᠭᠤᠯᠴᠢᠯᠠᠯ ᠢ ᠢᠳᠡᠪᠬᠢᠲᠡᠶ ᠠᠬᠢᠭᠤᠯᠤᠨ᠎ᠠ᠃ ᠪᠣᠭᠤᠮᠲᠠ ᠶᠢᠨ ᠡᠬᠢ ᠪᠠᠶᠠᠯᠢᠭ ᠪᠣᠯᠤᠨ ᠭᠠᠵᠠᠷ ᠣᠷᠣᠨ ᠤ | ᠳᠠᠪᠠᠭᠤᠯᠢᠭ ᠢ ᠠᠰᠢᠭᠯᠠᠨ᠂ ᠬᠢᠯᠢ ᠶᠢᠨ ᠤᠯᠤᠰ ᠤᠨ ᠡᠭᠦᠳᠡ ᠪᠠᠷ ᠵᠤᠭᠠᠴᠠᠬᠤ᠂ ᠰᠣᠶᠣᠯ ᠢ ᠣᠶᠢᠯᠠᠭᠠᠬᠤ᠂ ᠭᠠᠶᠢᠯᠢ | ᠬᠡᠯᠲᠦᠷᠢᠭᠦᠯᠵᠦ ᠪᠠᠷᠠᠭ᠎ᠠ ᠬᠤᠳᠠᠯᠳᠤᠨ ᠠᠪᠬᠤ᠂ ᠠᠮᠲᠠᠲᠤ ᠢᠳᠡᠭᠡᠨ ᠢ ᠰᠢᠯᠭᠠᠨ ᠦᠨᠡᠯᠡᠬᠦ᠂ ᠵᠢᠭᠤᠯᠴᠢᠯᠠᠯ ᠤᠨ ᠤᠷᠠᠨ | ᠰᠠᠶᠢᠬᠠᠨ ᠤ ᠲᠣᠭᠯᠠᠯᠲᠠ ᠵᠡᠷᠭᠡ ᠣᠨᠴᠠᠯᠢᠭ ᠲᠠᠢ ᠬᠢᠯᠢ ᠶᠢᠨ ᠵᠢᠭᠤᠯᠴᠢᠯᠠᠯ ᠤᠨ ᠲᠥᠷᠥᠯ ᠵᠦᠢᠯ ᠢ ᠶᠡᠬᠡᠪᠡᠷ | ᠬᠥᠭᠵᠢᠭᠦᠯᠦᠨ᠎ᠡ᠃ ᠬᠢᠯᠢ ᠶᠢᠨ ᠪᠣᠭᠤᠮᠲᠠ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ | ᠬᠥᠭᠵᠢᠭᠦᠯᠬᠦ ᠶᠢ ᠳᠡᠮᠵᠢᠵᠦ᠂ ᠴᠡᠭᠡ ᠪᠣᠭᠤᠮᠲᠠ ᠶᠢᠨ ᠣᠯᠠᠨ ᠤᠯᠤᠰ ᠤᠨ ᠰᠣᠶᠣᠯ ᠵᠢᠭᠤᠯᠴᠢᠯᠠᠯ ᠤᠨ ᠣᠷᠣᠨ ᠤ | ᠤᠯᠤᠰ ᠤᠨ 4A ᠲᠠᠰ ᠤᠨ ᠵᠢᠭᠤᠯᠴᠢᠯᠠᠯ ᠤᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠬᠢᠯᠢ ᠶᠢᠨ | ᠵᠢᠭᠤᠯᠴᠢᠯᠠᠯ ᠤᠨ ᠲᠤᠷᠰᠢᠯᠲᠠ ᠶᠢᠨ ᠣᠷᠣᠨ ᠵᠡᠷᠭᠡ ᠶᠢ ᠡᠭᠦᠳᠦᠨ ᠪᠠᠶᠢᠭᠤᠯᠤᠨ᠎ᠠ᠃ | 22. ᠪᠣᠳᠠᠰ ᠤᠨ ᠪᠤᠰᠤ ᠰᠣᠶᠣᠯ ᠤᠨ ᠥᠪ ᠶᠢ ᠰᠢᠨᠡᠴᠢᠯᠡᠨ ᠣᠯᠠᠷᠢᠭᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ᠃ ᠠᠯᠠᠱᠠ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ | ᠲᠣᠭᠠᠴᠢᠯᠠᠭᠰᠠᠨ ᠣᠷᠳᠣᠨ ᠢ ᠰᠦᠪᠡᠭᠴᠢᠯᠡᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠪᠣᠰᠤᠭ᠎ᠠ | ᠴᠣᠭᠴᠠᠴᠢᠯᠠᠵᠦ᠂ ᠳᠣᠭᠠᠴᠢᠯᠠᠵᠦ᠂ ᠣᠯᠠᠨ ᠶᠠᠩᠵᠣᠴᠢᠯᠠᠨᠠ᠃ ᠤᠬᠠᠭᠤᠯᠭ᠎ᠠ ᠦᠵᠡᠭᠦᠯᠦᠯᠭᠡ ᠪᠠ ᠰᠣᠯᠢᠯᠴᠠᠭ᠎ᠠ ᠶᠢ | ᠴᠢᠩᠭᠠᠳᠬᠠᠵᠤ᠂ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ᠂ ᠪᠣᠳᠠᠰ ᠤᠨ ᠪᠤᠰᠤ ᠰᠣᠶᠣᠯ ᠤᠨ ᠥᠪ ᠤᠨ | ᠦᠵᠡᠰᠬᠦᠯᠡᠩ᠂ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ | ᠭᠤᠤᠯ ᠰᠡᠳᠦᠪᠲᠦ ᠳᠠᠮᠵᠢᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠪᠣᠳᠠᠰ ᠤᠨ ᠪᠤᠰᠤ ᠰᠣᠶᠣᠯ ᠤᠨ | ᠥᠪ ᠤᠨ ᠵᠢᠭᠤᠯᠴᠢᠯᠠᠯ︾᠂ ︽ᠪᠣᠳᠠᠰ ᠤᠨ ᠪᠤᠰᠤ ᠰᠣᠶᠣᠯ ᠤᠨ ᠡᠭᠦᠳᠦᠯᠲᠡ︾᠂ ︽ᠪᠣᠳᠠᠰ ᠤᠨ ᠪᠤᠰᠤ | ᠰᠣᠶᠣᠯ ᠤᠨ ᠥᠪ ᠢ ᠰᠤᠳᠤᠯᠤᠨ ᠰᠤᠷᠤᠯᠴᠠᠬᠤ︾ ᠵᠡᠷᠭᠡ ᠠᠵᠢᠯ ᠢ ᠶᠡᠬᠡᠪᠡᠷ ᠠᠬᠢᠭᠤᠯᠵᠤ᠂ ᠰᠣᠶᠣᠯ ᠤᠨ | ᠡᠭᠦᠳᠦᠯᠲᠡ᠂ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ ᠶᠢ | ᠠᠬᠢᠭᠤᠯᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ | ᠰᠠᠭᠤᠷᠢᠨ ᠭᠠᠵᠠᠷ ᠪᠠ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ | ᠪᠣᠢ ᠪᠣᠯᠭᠠᠨ᠎ᠠ᠃ ᠠᠯᠠᠱᠠ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯᠲᠤ ᠰᠣᠶᠣᠯ ᠤᠨ | ᠣᠨᠴᠠᠯᠢᠭ ᠲᠠᠢ ᠤᠶᠠᠯᠳᠤᠭᠤᠯᠤᠨ᠂ ︽ᠪᠣᠳᠠᠰ ᠤᠨ ᠪᠤᠰᠤ ᠰᠣᠶᠣᠯ ᠤᠨ ᠥᠪ ᠤᠨ ᠠᠵᠤ ᠦᠢᠯᠡᠰ︾ ᠤᠨ | ᠤᠬᠠᠭᠳᠠᠬᠤᠨ ᠢ ᠳᠡᠯᠭᠡᠷᠡᠭᠦᠯᠵᠦ᠂ ︽ᠠᠯᠠᠱᠠ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠤ | ᠦᠢᠯᠡᠰ ᠤᠨ ᠬᠤᠯᠪᠣᠭ᠎ᠠ︾ ᠶᠢ ᠵᠣᠬᠢᠶᠠᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠠᠵᠤ ᠦᠢᠯᠡᠰ ᠤᠨ | ᠬᠦᠷᠢᠶᠡᠯᠡᠩ ᠢ ᠪᠤᠶᠢᠵᠢᠭᠤᠯᠤᠨ᠂ ᠪᠣᠳᠠᠰ ᠤᠨ ᠪᠤᠰᠤ ᠰᠣᠶᠣᠯ ᠤᠨ ᠠᠵᠤ ᠦᠢᠯᠡᠰᠵᠢᠯᠳᠡ᠂ ᠵᠠᠬ᠎ᠠ ᠳᠡᠯᠭᠡᠭᠦᠷᠴᠢᠯᠡᠬᠦ | ᠠᠯᠬᠤᠴᠠ ᠶᠢ ᠲᠦᠷᠭᠡᠳᠬᠡᠨ᠎ᠡ᠃ ᠪᠣᠳᠠᠰ ᠤᠨ ᠪᠤᠰᠤ ᠰᠣᠶᠣᠯ ᠤᠨ ᠵᠠᠯᠭᠠᠮᠵᠢᠯᠠᠭᠴᠢ᠂ ᠵᠢᠷᠤᠭ ᠲᠥᠯᠥᠪᠯᠡᠭᠴᠢ᠂ | ᠤᠷᠠᠯᠢᠭᠴᠢᠨ ᠵᠡᠷᠭᠡ ᠬᠥᠳᠡᠭᠡ ᠲᠣᠰᠬᠤᠨ ᠤ ᠭᠠᠷ ᠤᠷᠠᠯᠠᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠳᠤ | ᠣᠷᠣᠯᠴᠠᠬᠤ ᠶᠢ ᠵᠣᠷᠢᠭᠵᠢᠭᠤᠯᠵᠤ᠂ ᠳᠤᠮᠳᠠᠳᠤ ᠶᠢᠨ ᠰᠣᠶᠣᠯ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠭᠤᠸ᠎ᠠ ᠰᠠᠶᠢᠬᠠᠨ ᠤ ᠬᠥᠭᠡᠭᠡᠴᠡᠯᠳᠦᠯ ᠢ ᠲᠤᠰᠬᠠᠭᠰᠠᠨ᠂ ᠤᠳᠤ | ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ ᠦᠵᠡᠯᠲᠡ ᠶᠢ ᠤᠯᠠᠮᠵᠢᠯᠠᠭᠰᠠᠨ ᠨᠢᠭᠡ ᠪᠦᠯᠦᠭ ᠰᠢᠯᠢᠳᠡᠭ | ᠪᠦᠲᠦᠭᠡᠯ ᠢ ᠭᠠᠷᠭᠠᠨ᠎ᠠ᠃ ᠬᠥᠳᠡᠭᠡ ᠲᠣᠰᠬᠤᠨ ᠤ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ᠂ | ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ ᠶᠢᠨ ᠦᠢᠯᠡᠳᠬᠡᠯ ᠤᠨ ᠲᠣᠭᠲᠠᠴᠠ ᠶᠢ ᠭᠦᠨᠵᠡᠭᠡᠶ | ᠠᠭᠤᠳᠠᠯᠵᠤ᠂ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ | 23. ︽ᠬᠤᠶᠠᠷ ᠢ ᠴᠣᠭᠴᠠᠯᠠᠬᠤ︾ ᠠᠵᠢᠯ ᠢ ᠯᠠᠪᠳᠠᠭᠤᠨ ᠪᠠᠲᠤᠲᠠᠶ ᠠᠭᠢᠭᠤᠯᠣᠨ᠎ᠠ᠃ ︽ᠬᠤᠶᠠᠷ ᠢ | ᠴᠣᠭᠴᠠᠯᠠᠬᠤ︾ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠦᠨᠡᠨ ᠪᠣᠳᠠᠲᠠᠢ ᠪᠦᠲᠦᠮᠵᠢᠲᠡᠢ ᠪᠠᠲᠤ ᠪᠤᠢ ᠪᠣᠯᠭᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠭᠤᠴᠢ ᠰᠤᠳᠤᠯᠤᠯ ᠪᠣᠯᠤᠨ ᠲᠡᠦᠬᠡ ᠶᠢᠨ ᠰᠤᠳᠤᠯᠭᠠᠨ ᠢ ᠭᠦᠨᠵᠡᠭᠡᠢ ᠥᠷᠨᠢᠭᠦᠯᠵᠦ᠂ ᠠᠯᠠᠱᠠ ᠶᠢᠨ ᠡᠬᠡ ᠭᠠᠵᠠᠷ ᠤᠨ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠪᠣᠳᠠᠲᠤ ᠪᠠᠶᠢᠳᠠᠯ ᠢ | ᠲᠣᠳᠣᠷᠬᠠᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ | ᠪᠠᠶᠢᠭᠠᠳ ᠳᠤᠮᠳᠠᠳᠤ ᠶᠢᠨ ᠦᠨᠳᠦᠰᠦᠲᠡᠨ ᠪᠣᠯᠣᠭᠰᠠᠨ ᠢᠶᠠᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ | ᠣᠮᠤᠭ ᠪᠠᠭ᠋ᠠᠳᠤᠯᠲᠤ ᠰᠡᠳᠬᠢᠯᠭᠡ ᠶᠢ ᠨᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠠᠵᠢᠯ ᠤᠨ ᠱᠠᠭᠠᠷᠳᠠᠯᠭ᠎ᠠ ᠶᠢ | ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ᠂ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠂ | ᠵᠢᠭᠤᠯᠴᠢᠯᠠᠯ ᠤᠨ ᠦᠵᠡᠮᠵᠢ ᠶᠢᠨ ᠳᠡᠯᠭᠡᠨ ᠦᠵᠡᠭᠦᠯᠦᠯᠭᠡ ᠵᠡᠷᠭᠡ ᠬᠤᠯᠪᠣᠭᠳᠠᠯ ᠪᠦᠬᠦᠢ ᠲᠠᠯ᠎ᠠ ᠳᠤ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ | ᠲᠥᠷᠬᠦ ᠶᠢ ᠪᠤᠢ ᠪᠣᠯᠭᠠᠵᠤ᠂ ᠤᠯᠠᠮᠵᠢᠯᠠᠨ ᠳᠡᠯᠭᠡᠷᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠢ ᠰᠠᠶᠢᠲᠤᠷ ᠪᠦᠳᠦᠭᠡᠨ ᠪᠠᠶᠢᠭᠤᠯᠬᠤ ᠬᠡᠷᠡᠭᠲᠡᠢ᠃ | 24. ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ | ᠬᠤᠰᠢᠭᠤ ᠣᠷᠣᠨ ᠤ ᠬᠢᠨ ᠤ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠦᠵᠡᠭᠦᠯᠦᠯᠭᠡ ᠶᠢᠨ ᠣᠷᠳᠣᠨ᠂ ᠦᠵᠡᠭᠦᠯᠦᠯᠭᠡ ᠶᠢᠨ ᠲᠢᠩᠬᠢᠮ ᠳᠤ | ᠲᠦᠰᠢᠭᠯᠡᠨ᠂ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠵᠢᠭᠤᠯᠴᠢᠯᠠᠯ ᠢ ᠥᠷᠨᠢᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ | ᠦᠨᠡᠨ ᠬᠦ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠵᠣᠷᠢᠭᠵᠢᠭᠤᠯᠤᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠢᠶᠠᠷ ᠪᠦᠷᠢᠯᠳᠦᠭᠰᠡᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢᠨ ᠵᠣᠬᠢᠴᠠᠭᠤᠯᠬᠤ ᠳᠤᠭᠤᠶᠢᠯᠠᠩ ᠢ ᠪᠠᠶᠢᠭᠤᠯᠵᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ᠂ | ᠳ᠋ᠦᠩᠨᠡᠨ ᠳᠡᠯᠭᠡᠷᠡᠭᠦᠯᠬᠦ ᠵᠡᠷᠭᠡ ᠶᠢ ᠬᠠᠷᠢᠭᠤᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ | ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠪᠣᠯᠤᠨ ᠪᠣᠳᠠᠲᠠᠢ ᠬᠦᠴᠢᠷᠳᠡᠯ ᠢ ᠴᠠᠭ | ᠲᠤᠬᠠᠢ ᠳᠤᠨᠢ ᠰᠢᠢᠳᠪᠦᠷᠢᠯᠡᠬᠦ ᠶᠢ ᠬᠠᠷᠢᠭᠤᠴᠠᠨ᠎ᠠ᠃ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ ᠠᠶᠢᠮᠠᠭ ᠤᠨ | ᠦᠨᠳᠦᠰᠦᠲᠡᠨ ᠤ ᠵᠥᠪᠯᠡᠯ ᠳᠤ ᠪᠠᠶᠢᠭᠤᠯᠵᠤ᠂ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠡᠯ᠎ᠡ ᠬᠤᠰᠢᠭᠤ ᠣᠷᠣᠨ ᠤ | ᠪᠣᠳᠠᠲᠤ ᠪᠠᠶᠢᠳᠠᠯ ᠢᠶᠠᠨ ᠦᠨᠳᠦᠰᠦᠯᠡᠨ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠷᠥ ᠶᠢᠨ | ᠪᠣᠳᠣᠯᠭ᠎ᠠ ᠨᠡᠶᠢᠲᠡᠯᠡᠬᠦ ᠶᠢ ᠵᠣᠷᠢᠭᠵᠢᠭᠤᠯᠵᠤ᠂ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ | ᠺᠠᠷᠲ ᠲᠠᠷᠬᠠᠭᠠᠬᠤ᠂ ᠵᠢᠭᠤᠯᠴᠢᠯᠠᠯ ᠤᠨ ᠲᠤᠰᠬᠠᠶ ᠱᠤᠭᠤᠮ᠂ ᠲᠤᠰᠬᠠᠶ ᠭᠠᠯᠲᠤ ᠲᠡᠷᠭᠡ᠂ ᠮᠠᠰᠢᠨ ᠳᠠᠭᠠᠭᠠᠴᠢᠯᠠᠬᠤ᠂ | ᠲᠡᠷᠭᠡ ᠳᠠᠭᠠᠭᠠᠴᠢᠯᠠᠬᠤ᠂ ᠠᠶᠠᠯᠠᠯ ᠤᠨ ᠪᠦᠯᠬᠦᠮ᠂ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ | ᠬᠡᠯᠲᠦᠷᠢᠭᠦᠯᠬᠦ ᠬᠠᠷᠠᠭᠠᠯᠵᠠᠯ ᠵᠡᠷᠭᠡ ᠲᠠᠯ᠎ᠠ ᠪᠠᠷ ᠪᠣᠳᠠᠲᠠᠶ ᠬᠡᠷᠡᠭᠯᠡᠭᠡᠨ ᠤ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ | ᠰᠣᠶᠣᠯ ᠵᠢᠭᠤᠯᠴᠢᠯᠠᠯ ᠤᠨ ᠦᠢᠯᠡᠴᠢᠯᠡᠬᠡᠨ ᠤ ᠦᠢᠯᠡᠰ ᠤᠨ ᠬᠡᠷᠡᠭᠯᠡᠭᠡ ᠶᠢᠨ ᠬᠥᠭᠵᠢᠯᠲᠡ ᠶᠢ ᠠᠬᠢᠭᠤᠯᠤᠨ᠎ᠠ᠃ | ᠵᠢᠭᠤᠯᠴᠢᠯᠠᠯ ᠤᠨ ᠬᠤᠷᠢᠶᠠᠨ ᠤ ᠢᠳᠡᠪᠬᠢ ᠦᠢᠯᠡᠳᠦᠯ ᠢ ᠬᠦᠢᠴᠡᠳ ᠪᠠᠳᠠᠷᠠᠭᠤᠯᠵᠤ᠂ ᠨᠠᠩ ᠣᠯᠠᠨ ᠤᠯᠤᠰ ᠤᠨ | ᠳᠣᠲᠣᠭᠠᠳᠤ ᠭᠠᠳᠠᠭᠠᠳᠤ ᠶᠢᠨ ᠦᠨᠳᠦᠰᠦᠲᠡᠨ ᠨᠦᠭᠦᠳ ᠤᠨ ᠵᠤᠭᠠᠴᠠᠭᠰᠠᠳ ᠢ ᠣᠷᠢᠵᠦ ᠠᠯᠠᠱᠠ ᠳᠤ ᠮᠣᠷᠢᠯᠠᠵᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠵᠢᠭᠤᠯᠴᠢᠯᠠᠯ ᠤᠨ ᠪᠦᠲᠦᠭᠡᠭᠳᠡᠬᠦᠨ ᠪᠠ ᠰᠣᠳᠣᠨ ᠵᠠᠮ | ᠱᠤᠭᠤᠮ ᠢ ᠣᠶᠢᠯᠠᠭᠠᠭᠤᠯᠣᠨᠠ᠃ | ︵ᠭᠤᠷᠪᠠ︶ ᠵᠢᠭᠤᠯᠴᠢᠯᠠᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ | ᠰᠢᠯᠢᠳᠡᠭᠵᠢᠭᠦᠯᠦᠨ᠎ᠡ᠃ ᠵᠢᠭᠤᠯᠴᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠮᠠᠶ᠋ᠢᠭ ᠢ ᠬᠡᠷᠡᠭᠯᠡᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠵᠢᠷᠤᠮᠵᠢᠭᠤᠨ ᠬᠥᠭᠵᠢᠬᠦ ᠶᠢ ᠠᠬᠢᠭᠤᠯᠵᠤ᠂ ᠵᠢᠭᠤᠯᠴᠢᠯᠠᠯ ᠤᠨ ᠠᠵᠢᠯ ᠲᠥᠷᠥᠯ ᠤᠨ ᠬᠠᠤᠯᠢ ᠴᠠᠭᠠᠵᠠ ᠶᠢᠨ | ᠤᠬᠠᠮᠰᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠵᠢᠭᠤᠯᠴᠢᠯᠠᠯ ᠤᠨ ᠭᠤᠤᠯ ᠴᠣᠭᠴᠠ ᠶᠢᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠎ᠠ᠃ ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠠᠭᠤᠵᠢᠭᠤ ᠲᠠᠯᠪᠢᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ | ᠲᠣᠭᠤᠷᠢᠨ ᠢ ᠪᠣᠶ ᠪᠣᠯᠭᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠯᠠᠱᠠ ᠶᠢᠨ | ᠵᠢᠭᠤᠯᠴᠢᠯᠠᠯ ᠳᠤ ᠣᠷᠣᠯᠴᠠᠬᠤ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠵᠦ᠂ | ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠭᠤᠤᠯ ᠴᠣᠭᠴᠠ ᠶᠢ ᠡᠷᠬᠡ ᠲᠡᠭᠰᠢ ᠪᠠᠷ | ᠦᠢᠯᠡᠰ ᠴᠣᠭᠴᠠᠯᠠᠬᠤ᠂ ᠳᠥᠭᠦᠮ ᠳᠥᠲᠡ᠂ ᠰᠠᠨᠠᠭ᠎ᠠ ᠠᠮᠤᠷ ᠠᠳᠠᠯ ᠦᠢᠯᠡᠰ ᠴᠣᠭᠴᠠᠯᠠᠭᠤᠯᠣᠨᠠ᠃ | ︵ᠲᠦᠷᠪᠡ︶ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ ᠵᠢᠭᠤᠯᠴᠢᠯᠠᠯ ᠤᠨ ᠴᠢᠳᠠᠪᠤᠷᠢᠲᠠᠨ ᠢ | ᠬᠥᠮᠦᠵᠢᠭᠦᠯᠬᠦ᠂ ᠬᠡᠷᠡᠭᠯᠡᠬᠦ ᠪᠠ ᠵᠣᠷᠢᠭᠵᠢᠭᠤᠯᠬᠤ ᠶᠢ ᠴᠢᠩᠭᠠᠳᠬᠠᠵᠤ᠂ ᠵᠢᠭᠤᠯᠴᠢᠯᠠᠯ ᠤᠨ ᠠᠵᠢᠯ ᠲᠥᠷᠥᠯ ᠤᠨ | ᠰᠤᠷᠭᠠᠭᠤᠯᠢ ᠪᠠ ᠠᠵᠤ ᠠᠬᠤᠶᠢᠯᠠᠯ ᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠮᠠᠭᠠᠳᠯᠠᠨ ᠲᠣᠭᠲᠠᠭᠠᠬᠤ ᠠᠵᠢᠯ ᠢ | ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠤᠯᠠᠮᠵᠢᠯᠠᠨ ᠵᠠᠯᠭᠠᠮᠵᠢᠯᠠᠬᠤ | ᠬᠥᠮᠦᠰ ᠤᠨ ᠰᠤᠳᠤᠯᠤᠨ ᠪᠣᠯᠪᠠᠰᠤᠷᠠᠭᠤᠯᠬᠤ ᠲᠥᠯᠥᠪᠯᠡᠭᠡ ᠪᠠᠷ ᠳᠠᠮᠵᠢᠭᠤᠯᠤᠨ᠂ ᠤᠯᠠᠮᠵᠢᠯᠠᠨ ᠵᠠᠯᠭᠠᠮᠵᠢᠯᠠᠭᠴᠢ ᠶᠢ | ᠬᠥᠮᠦᠵᠢᠭᠦᠯᠬᠦ ᠪᠠ ᠳᠡᠭᠡᠭᠰᠢᠯᠡᠭᠦᠯᠬᠦ ᠶᠢ ᠴᠢᠩᠭᠠᠳᠬᠠᠨ᠎ᠠ᠃ | ︵ᠲᠠᠪᠤ︶ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠠᠯᠠᠱᠠ ᠠᠶᠢᠮᠠᠭ ᠤᠨ ᠰᠣᠶᠣᠯ | ᠵᠢᠭᠤᠯᠴᠢᠯᠠᠯ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠯᠠᠱᠠ | ᠠᠶᠢᠮᠠᠭ ᠤᠨ ᠰᠣᠶᠣᠯ ᠵᠢᠭᠤᠯᠴᠢᠯᠠᠯ ᠤᠨ ᠢᠯᠭᠠᠨ ᠲᠠᠨᠢᠬᠤ ᠬᠡᠮᠵᠢᠶ᠎ᠡ ᠪᠠ ᠲᠠᠨᠢᠨ ᠮᠡᠳᠡᠬᠦ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠠᠮᠤᠭ ᠤᠨ ᠦᠵᠡᠰᠬᠦᠯᠡᠩᠳᠡᠢ ᠡᠯᠡᠰᠦᠨ ᠴᠦᠯ᠂ ᠬᠠᠮᠤᠭ ᠤᠨ ᠦᠵᠡᠰᠬᠦᠯᠡᠩᠳᠡᠢ ᠲᠤᠤᠷᠠᠢ᠂ | ᠬᠠᠮᠤᠭ ᠤᠨ ᠪᠠᠭ᠋ᠠᠷᠬᠠᠭᠤᠰᠢᠳᠠᠢ ᠪᠣᠳᠠᠰ ᠤᠨ ᠪᠤᠰᠤ ᠰᠣᠶᠣᠯ ᠤᠨ ᠥᠪ᠂ ᠬᠠᠮᠤᠭ ᠤᠨ ᠪᠠᠭ᠋ᠠᠷᠬᠠᠭᠤᠰᠢᠳᠠᠢ ᠲᠡᠤᠬᠡ ᠶᠢᠨ | ᠳᠤᠷᠠᠰᠬᠠᠯᠲᠤ ᠵᠦᠢᠯᠡᠰ ᠵᠡᠷᠭᠡ ︽ᠬᠠᠮᠤᠭ ᠤᠨ ᠦᠵᠡᠰᠭᠦᠯᠡᠩᠳᠡᠢ ᠪᠠᠭ᠋ᠠᠷᠬᠠᠭᠤᠰᠢᠳᠠᠢ ᠵᠦᠢᠯ ᠢ ᠲᠠᠨᠢᠯᠴᠠᠭᠤᠯᠬᠤ︾ ᠶᠢ | ᠶᠡᠬᠡᠪᠡᠷ ᠥᠷᠨᠢᠭᠦᠯᠵᠦ᠂ ᠨᠠᠩ ᠣᠯᠠᠨ ᠦᠨᠳᠦᠰᠦᠲᠡᠨ ᠨᠦᠭᠦᠳ ᠤᠨ ᠵᠤᠭᠠᠴᠠᠭᠰᠠᠳ ᠢ ᠣᠷᠢᠵᠦ ᠠᠯᠠᠱᠠ ᠳᠤ | ᠵᠤᠭᠠᠴᠠᠭᠤᠯᠤᠨ᠎ᠠ᠃ ᠵᠢᠭᠤᠯᠴᠢᠯᠠᠯ ᠢᠶᠠᠷ ᠳᠠᠮᠵᠢᠨ ᠠᠯᠠᠱᠠ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠤᠨ ᠦᠯᠢᠭᠡᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠯᠢᠭᠡᠷ ᠢ ᠰᠠᠶᠢᠲᠤᠷ ᠶᠠᠷᠢᠨ᠎ᠠ᠃ | ︵ᠵᠢᠷᠭᠤᠭ᠎ᠠ︶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠪᠠᠨ ᠴᠢᠩᠭᠠᠳᠬᠠᠨ᠎ᠠ᠃ ᠡᠯ᠎ᠡ | ᠬᠤᠰᠢᠭᠤ ᠣᠷᠣᠨ ᠢ ᠵᠢᠯᠣᠭᠤᠳᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ | ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠡᠯ᠎ᠡ ᠲᠥᠷᠥᠯ ᠤᠨ ᠵᠢᠱᠢᠶ᠎ᠡ ᠦᠵᠡᠭᠦᠯᠬᠦ ᠨᠡᠶᠢᠲᠡᠯᠢᠭ | ᠵᠢᠱᠢᠶ᠎ᠡ ᠶᠢ ᠬᠥᠮᠦᠵᠢᠭᠦᠯᠦᠨ ᠪᠣᠶ ᠪᠣᠯᠭᠠᠵᠤ᠂ ᠲᠤᠷᠰᠢᠯᠭ᠎ᠠ ᠰᠣᠯᠢᠯᠴᠠᠬᠤ ᠬᠤᠷᠠᠯ ᠢ ᠴᠠᠭ ᠲᠤᠨᠢ ᠲᠣᠬᠢᠷᠠᠭᠤᠯᠤᠨ | ᠬᠤᠷᠠᠯᠳᠤᠭᠤᠯᠵᠤ᠂ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ᠃ | ᠡᠯ᠎ᠡ ᠬᠤᠰᠢᠭᠤ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠵᠣᠬᠢᠴᠠᠩᠭᠤᠶ | ᠠᠵᠢᠯ ᠤᠨ ᠠᠷᠭ᠎ᠠ ᠬᠡᠮᠵᠢᠶ᠎ᠡ ᠲᠣᠭᠲᠠᠭᠠᠵᠤ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ | ᠲᠣᠳᠣᠷᠬᠠᠶᠢᠯᠠᠨ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠴᠢᠩᠭ᠎ᠠ ᠴᠡᠭᠡᠷᠯᠡᠬᠦ ᠬᠡᠷᠡᠭᠲᠡᠶ᠃ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠪᠣᠳᠠᠲᠠᠶ ᠶᠢ ᠡᠷᠬᠢᠮᠯᠡᠭᠰᠡᠨ | ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | |