ᠭᠡᠷ ᠪᠦᠯᠢ ᠪᠣᠯ ᠨᠡᠶᠢᠭᠡᠮ ᠤᠨ ᠦᠨᠳᠦᠰᠦᠨ ᠡᠰ ᠪᠣᠯᠬᠤ ᠪᠥᠭᠡᠳ ᠦᠨᠳᠦᠰᠦᠲᠡᠨ ᠤ ᠳᠠᠪᠰᠢᠯᠲᠠ᠂ ᠨᠡᠶᠢᠭᠡᠮ ᠤᠨ | ᠡᠶ᠎ᠡ ᠵᠣᠬᠢᠴᠠᠯ ᠲᠠᠢ ᠪᠠᠶᠢᠬᠤ ᠶᠢᠨ ᠴᠢᠬᠤᠯᠠ ᠰᠠᠭᠤᠷᠢ ᠪᠣᠯᠤᠨ᠎ᠠ᠃ ︽ᠦᠷᠡᠵᠢᠯ ᠤᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ︾ ᠳᠤ᠂ ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯ ᠢ ᠰᠠᠶᠢᠲᠤᠷ ᠬᠢᠵᠦ᠂ ᠵᠣᠬᠢᠬᠤ | ᠨᠠᠰᠤᠨ ᠤ ᠤᠷᠤᠭᠯᠠᠵᠤ ᠬᠥᠩᠭᠡᠵᠢᠬᠦ᠂ ᠰᠢᠯᠢᠳᠡᠭ ᠲᠥᠷᠥᠵᠦ ᠲᠣᠷᠨᠢᠭᠤᠨ ᠥᠰᠬᠡᠬᠦ᠂ ᠬᠠᠷᠢᠭᠤᠴᠠᠯᠭ᠎ᠠ ᠶᠢ | ᠬᠠᠮᠲᠤ ᠪᠠᠷ ᠡᠭᠦᠷᠭᠡᠯᠡᠬᠦ᠂ ᠦᠶ᠎ᠡ ᠶᠢᠨ ᠦᠶ᠎ᠡ ᠡᠶ᠎ᠡ ᠵᠣᠬᠢᠴᠠᠯ ᠲᠠᠢ ᠣᠷᠤᠭ ᠬᠤᠷᠢᠮ ᠤᠨ ᠦᠵᠡᠯᠲᠡ᠂ ᠬᠡᠷ | ᠪᠦᠯᠢ ᠶᠢᠨ ᠦᠵᠡᠯᠲᠡ ᠶᠢ ᠤᠯᠠᠮᠵᠢᠯᠠᠬᠤ ᠬᠡᠷᠡᠭᠲᠡᠶ ᠭᠡᠵᠦ ᠳᠣᠭᠳᠠᠭᠠᠪᠠ᠃ ᠬᠡᠷ ᠪᠦᠯᠢ ᠶᠢᠨ ᠡᠷᠡᠭᠦᠯ ᠮᠡᠨᠳᠦ ᠶᠢ | ᠠᠬᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠨ ᠤ ᠠᠶᠢᠮᠠᠭ ᠤᠨ ᠬᠡᠷ ᠪᠦᠯᠢ ᠶᠢᠨ ᠡᠷᠡᠭᠦᠯ ᠮᠡᠨᠳᠦ ᠶᠢ | ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ︽ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ ᠳᠤᠮᠳᠠᠳᠤ | ᠤᠯᠤᠰ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠦᠢᠯᠡᠴᠢᠯᠡᠵᠦ ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ | ᠲᠤᠬᠠᠶ ᠬᠡᠷᠡᠭᠵᠢᠭᠦᠯᠬᠦ ᠰᠠᠨᠠᠯ︾ ︵ᠳᠦᠷᠦ ᠡᠷᠡᠭᠦᠯ ᠬᠠᠮᠠᠭᠠᠯᠠᠯ ᠬᠥᠮᠦᠨ ᠠᠮᠠ ᠲᠠᠷᠬᠠᠭᠠᠭᠰᠠᠨ ﹇2019﹈ 53 | ᠳ᠋ᠤᠭᠠᠷ ᠲᠣᠭᠠᠲᠤ︶ ︽ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠶ | ᠳᠤᠮᠳᠠᠳᠤ ᠤᠯᠤᠰ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠮᠡᠳᠡᠭᠳᠡᠯ︾ ︵ᠳᠦᠷᠦ ᠳᠦᠯᠦᠪᠯᠡᠭᠡᠳᠦ | ᠦᠷᠡᠵᠢᠯ ᠠᠯᠪᠠᠨ ︹2020︺ 18 ᠳ᠋ᠤᠭᠠᠷ ᠲᠣᠭᠠᠲᠤ︶ ︽ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠵᠢᠴᠢ | ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ | ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡᠲᠦ ᠦᠷᠡᠵᠢᠯ ᠤᠨ | ᠨᠡᠶᠢᠭᠡᠮᠯᠢᠭ ᠤᠨ ᠮᠡᠳᠡᠭᠳᠡᠯ︾ ︵ᠥᠪᠥᠷ ᠡᠷᠡᠭᠦᠯ ᠬᠥᠮᠦᠨ ᠠᠮᠠ ᠥᠰᠥᠭ ︹2020︺ 96 ᠳ᠋ᠤᠭᠠᠷ ᠲᠣᠭᠠᠲᠤ︶ | ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠠᠱᠠ ᠠᠶᠢᠮᠠᠭ ᠤᠨ ᠬᠡᠷ ᠪᠦᠯᠢ ᠶᠢᠨ ᠡᠷᠡᠭᠦᠯ | ᠮᠡᠨᠳᠦ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ᠬᠥᠮᠦᠨ ᠠᠮᠠ ᠶᠢᠨ ᠤᠷᠲᠤ ᠬᠤᠭᠤᠴᠠᠭᠠᠨ ᠤ | ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠤᠯᠤᠰ ᠤᠨ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠂ ᠥᠪᠥᠷ ᠮᠣᠩᠭᠤᠯ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ | ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ | ᠠᠯᠠᠱᠠ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠣᠨ ᠤᠳᠤᠷᠢᠳᠬᠤ᠂ ᠨᠡᠶᠢᠭᠡᠮ | ᠣᠷᠣᠯᠴᠠᠬᠤ᠂ ᠣᠯᠠᠨ ᠲᠦᠮᠡᠨ ᠳᠤ ᠠᠰᠢᠭ ᠬᠦᠷᠲᠡᠭᠡᠬᠦ ︽ᠠᠶᠢᠮᠠᠭ᠂ ᠬᠤᠰᠢᠭᠤ ︵ᠣᠷᠣᠨ︶᠂ ᠰᠤᠮᠤ ᠪᠠᠯᠭᠠᠰᠤ ︵ | ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶︾ ᠤᠨ ᠳᠥᠷᠪᠡᠨ ᠱᠠᠲᠤ ᠬᠤᠯᠪᠣᠭᠠᠯᠠᠨ | ᠬᠥᠳᠡᠯᠦᠯᠴᠡᠭᠰᠡᠨ ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯ ᠤᠨ ᠲᠣᠭᠲᠠᠴᠠ ᠶᠢ ᠬᠠᠶᠢᠨ | ᠰᠦᠪᠡᠭᠴᠢᠯᠡᠨ᠎ᠡ᠃ ᠣᠯᠠᠨ ᠡᠰᠢᠵᠢᠭᠰᠡᠨ ᠦᠢᠯᠡᠴᠢᠯᠡᠭᠡ ᠪᠠᠷ ᠳᠠᠮᠵᠢᠭᠤᠯᠤᠨ᠂ ᠭᠡᠷ ᠪᠦᠯᠢ ᠶᠢ ᠬᠥᠲᠥᠯᠥᠨ | ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠲᠤᠰ ᠪᠡᠶ᠎ᠡ ᠪᠣᠯᠤᠨ ᠭᠡᠷ | ᠪᠦᠯᠢ ᠶᠢᠨ ᠣᠨᠴᠠᠯᠢᠭ ᠲᠤ ᠨᠡᠶᠢᠴᠡᠭᠰᠡᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠡᠷᠡᠭᠦᠯ | ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠪᠣᠬᠢᠷᠲᠤᠯ ᠦᠭᠡᠶ ᠠᠮᠢᠳᠤᠷᠠᠯ ᠤᠨ ᠣᠷᠴᠢᠨ ᠠᠬᠤᠶ ᠶᠢ ᠪᠣᠶ | ᠪᠣᠯᠭᠠᠬᠤ ᠶᠢ ᠠᠬᠢᠭᠤᠯᠬᠤ ᠶᠢᠨ ᠬᠠᠮᠳᠣ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ | ᠪᠦᠷᠢᠳᠦᠭᠦᠯᠬᠦ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠰᠠᠨᠠᠭᠠᠴᠢᠯᠠᠵᠤ᠂ ᠦᠷᠡᠵᠢᠯ ᠤᠨ ᠨᠡᠶᠢᠭᠡᠮ ᠤᠨ | ᠥᠷᠲᠡᠭ ᠢ ᠬᠦᠨᠳᠦᠳᠬᠡᠵᠦ᠂ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠯᠲᠡ ᠬᠢᠭᠡᠳ ᠭᠡᠷ ᠪᠦᠯᠢ ᠶᠢᠨ ᠡᠶ᠎ᠡ | ᠵᠣᠬᠢᠴᠠᠯ ᠵᠣᠯ ᠵᠢᠷᠭᠠᠯ ᠢ ᠠᠬᠢᠭᠤᠯᠤᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠭᠡᠷ ᠪᠦᠯᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠢ ᠪᠦᠲᠦᠭᠡᠨ ᠪᠠᠶᠢᠭᠤᠯᠤᠨ᠎ᠠ | ᠰᠠᠭᠤᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠬᠥᠲᠥᠯᠥᠨ | ᠳᠠᠭᠠᠭᠤᠯᠵᠤ᠂ ᠭᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠪᠠ ᠦᠷᠡᠵᠢᠯ ᠢ ᠠᠬᠢᠭᠤᠯᠬᠤ ᠨᠡᠶᠢᠭᠡᠮ | ᠲᠣᠭᠤᠷᠢᠭ ᠤᠨ ᠳᠡᠮᠵᠢᠯᠭᠡ ᠶᠢᠨ ᠴᠢᠨᠠᠷᠲᠠᠢ ᠣᠷᠴᠢᠨ ᠲᠣᠭᠤᠷᠢᠨ ᠢ ᠪᠤᠢ ᠪᠣᠯᠭᠠᠨ᠎ᠠ᠃ ᠨᠡᠶᠢᠭᠡᠮ ᠲᠣᠭᠤᠷᠢᠭ ᠤᠨ | ᠠᠵᠢᠯᠯᠠᠭᠠᠨ ᠤ ᠲᠥᠪ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠭᠡᠰᠢᠭᠦᠳ ᠤᠨ ᠭᠡᠷ᠂ ᠡᠬᠡ ᠨᠢᠯᠬᠠᠰ ᠤᠨ ᠡᠷᠡᠭᠦᠯᠵᠢᠯ ᠤᠨ | ᠦᠢᠯᠡᠴᠢᠯᠡᠭᠡᠨ ᠤ ᠪᠠᠶᠢᠭᠤᠯᠤᠮᠵᠢ᠂ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠥᠷᠲᠡᠭᠡ | ᠵᠡᠷᠭᠡ ᠳᠤ ᠲᠦᠰᠢᠭᠯᠡᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠦᠢᠯᠡᠴᠢᠯᠡᠭᠡ ᠶᠢ ᠵᠢᠷᠤᠮᠵᠢᠭᠤᠯᠬᠤ ᠪᠠᠷ | ᠳᠠᠮᠵᠢᠭᠤᠯᠤᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠣᠭᠤᠷᠢᠨ ᠳᠤ ᠨᠢᠯᠬ᠎ᠠ ᠬᠡᠦᠬᠡᠳ ᠤᠨ | ᠠᠩᠬᠠᠨ ᠤ ᠬᠤᠭᠤᠴᠠᠭᠠᠨ ᠤ ᠰᠤᠷᠭᠠᠨ ᠬᠥᠮᠦᠵᠢᠯ᠂ ᠵᠠᠯᠠᠭᠤ ᠨᠠᠰᠤᠨ ᠤ ᠡᠷᠡᠭᠦᠯ ᠮᠡᠨᠳᠦ᠂ ᠤᠷᠤᠭᠯᠠᠵᠤ ᠬᠥᠩᠭᠡᠵᠢᠬᠦ | ᠬᠥᠮᠦᠵᠢᠯ᠂ ᠢᠳᠡᠷ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠥᠮᠦᠵᠢᠯ ᠤᠨ ︽ᠭᠡᠷ ᠪᠦᠯᠢ ᠶᠢᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠲᠥᠪ︾ ᠢ ᠬᠠᠮᠤᠷᠴᠤ᠂ ᠭᠡᠷ ᠪᠦᠯᠢ ᠳᠤ ᠳᠥᠭᠦᠮ ᠳᠥᠲᠡ᠂ ᠲᠦᠷᠭᠡᠨ᠂ ᠠᠮᠤᠷ | ᠲᠦᠪᠰᠢᠨ᠂ ᠨᠠᠶᠢᠳᠠᠪᠤᠷᠢᠲᠠᠶ ᠡᠷᠡᠭᠦᠯ ᠮᠡᠨᠳᠦ ᠶᠢᠨ ᠤᠬᠠᠭᠤᠯᠭ᠎ᠠ ᠶᠢᠨ ᠦᠢᠯᠡᠴᠢᠯᠡᠭᠡ ᠬᠠᠩᠭᠠᠨ᠎ᠠ᠃ ᠲᠥᠯᠥᠪᠯᠡᠭᠡᠲᠦ | ᠦᠷᠡᠵᠢᠯ ᠤᠨ ᠨᠡᠶᠢᠭᠡᠮᠯᠢᠭ ᠤᠨ ᠠᠵᠢᠯᠲᠠᠨ᠂ ᠭᠡᠰᠢᠭᠦᠳ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ | ᠳᠠᠶᠢᠴᠢᠯᠠᠵᠤ ᠪᠠᠶᠢᠭᠠᠳ ᠡᠷᠡᠭᠦᠯ ᠮᠡᠨᠳᠦ ᠶᠢᠨ ᠤᠬᠠᠭᠤᠯᠭ᠎ᠠ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ | ᠡᠮᠴᠢᠯᠡᠭᠡᠨ ᠤ ᠠᠪᠤᠷᠠᠨ ᠲᠤᠰᠠᠯᠠᠬᠤ᠂ ᠮᠡᠳᠡᠭᠡ ᠵᠠᠩᠭᠢ ᠴᠤᠭᠯᠠᠭᠤᠯᠬᠤ ᠵᠡᠷᠭᠡ ᠠᠵᠢᠯ ᠢ ᠴᠢᠩᠭᠠᠳᠬᠠᠵᠤ᠂ | ᠤᠬᠠᠭᠤᠯᠭ᠎ᠠ᠂ ᠰᠤᠷᠭᠠᠨ ᠬᠥᠮᠦᠵᠢᠯ᠂ ᠪᠣᠯᠪᠠᠰᠤᠷᠠᠭᠤᠯᠤᠯ᠂ ᠵᠥᠪᠯᠡᠯᠭᠡ ᠥᠭᠬᠦ ᠶᠢ ᠨᠢᠭᠡ ᠴᠣᠭᠴᠠᠵᠢᠭᠤᠯᠤᠭᠰᠠᠨ ᠭᠡᠷ | ᠪᠦᠯᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠤᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠭᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠨᠢᠭᠡᠳᠦᠭᠡᠷ | ᠹᠷᠣᠨᠲ ᠰᠠᠭᠤᠷᠢᠨ ᠭᠠᠵᠠᠷ ᠪᠣᠯᠭᠠᠵᠤ᠂ ᠭᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠣᠶᠢᠯᠠᠭᠠᠭᠳᠠᠬᠤᠨ ᠢ ᠣᠯᠠᠨ | ᠨᠡᠶᠢᠲᠡ ᠶᠢᠨ ᠦᠢᠯᠡᠴᠢᠯᠡᠭᠡ ᠳᠤ ᠠᠭᠤᠰᠬᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠪᠣᠯᠤᠮᠵᠢᠲᠤ ᠴᠢᠨᠠᠷ ᠢ | ᠠᠬᠢᠭᠤᠯᠵᠤ᠂ ᠪᠦᠬᠦ ᠠᠷᠠᠳ ᠤᠨ ᠡᠷᠡᠭᠦᠯ ᠮᠡᠨᠳᠦ ᠳᠤ ᠨᠡᠩ ᠰᠠᠶᠢᠨ ᠦᠢᠯᠡᠴᠢᠯᠡᠭᠦᠯᠦᠨ᠎ᠡ᠃ | ︵ᠬᠤᠶᠠᠷ︶ ᠭᠡᠷ ᠪᠦᠯᠢ ᠶᠢᠨ ᠡᠷᠡᠭᠦᠯ ᠮᠡᠨᠳᠦ ᠶᠢᠨ ᠵᠢᠭᠠᠨ ᠵᠢᠯᠣᠭᠤᠳᠣᠭᠴᠢ ᠶᠢᠨ ᠡᠩᠨᠡᠭᠡ ᠶᠢ ᠵᠣᠬᠢᠶᠠᠨ | ᠪᠠᠶᠢᠭᠤᠯᠣᠨ᠎ᠠ | ᠳᠤᠮᠳᠠᠳᠤ ᠤᠯᠤᠰ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠡᠷ ᠪᠦᠯᠢ ᠶᠢᠨ ᠡᠷᠡᠭᠦᠯ ᠮᠡᠨᠳᠦ ᠶᠢᠨ | ᠵᠢᠭᠠᠨ ᠵᠢᠯᠣᠭᠤᠳᠣᠭᠴᠢ ᠶᠢᠨ ᠵᠢᠷᠤᠮᠵᠢᠯ ᠤᠨ ᠪᠠᠷᠢᠮᠵᠢᠶ᠎ᠠ ᠶᠢ ᠦᠨᠳᠦᠰᠦᠯᠡᠨ᠂ ᠲᠥᠷᠥᠯ ᠵᠦᠢᠯ ᠤᠨ ᠬᠤᠯᠪᠣᠭᠳᠠᠯ | ᠪᠥᠬᠦᠶ ᠨᠢᠬᠡᠴᠡ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠡᠷᠡᠭ ᠡᠷᠬᠢᠯᠡᠭᠴᠢ ᠶᠢᠨ ᠨᠢᠬᠡᠴᠡ ᠵᠢᠴᠢ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ᠂ ᠰᠡᠳᠬᠢᠴᠡ᠂ ᠰᠤᠷᠭᠠᠨ | ᠬᠥᠮᠦᠵᠢᠯ᠂ ᠬᠠᠤᠯᠢ ᠴᠠᠭᠠᠵᠠ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠬᠥᠮᠦᠰ ᠢᠶᠠᠷ ᠪᠦᠷᠢᠯᠳᠦᠭᠰᠡᠨ ᠡᠷᠡᠭᠦᠯ | ᠮᠡᠨᠳᠦ ᠶᠢᠨ ᠵᠢᠭᠠᠨ ᠵᠢᠯᠣᠭᠤᠳᠣᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ ᠶᠢᠨ ᠬᠠᠮᠲᠤ ︽ᠠᠯᠠᠱᠠ ᠠᠶᠢᠮᠠᠭ ᠤᠨ | ᠬᠡᠷ ᠪᠦᠯᠢ ᠶᠢᠨ ᠡᠷᠡᠭᠦᠯ ᠮᠡᠨᠳᠦ ᠶᠢᠨ ᠵᠢᠭᠠᠨ ᠵᠢᠯᠣᠭᠤᠳᠣᠭᠴᠢ ᠶᠢᠨ ᠬᠠᠮᠢᠶᠠᠷᠤᠯᠲᠠ ᠶᠢᠨ ᠠᠷᠭ᠎ᠠ︾ ︵ | ᠳᠠᠭᠠᠯᠳᠤᠭᠤᠯᠤᠯ 1︶ ᠶᠣᠰᠣᠭᠠᠷ ᠵᠣᠬᠢᠴᠠᠩᠭᠤᠶ ᠰᠢᠯᠢᠨ ᠰᠣᠩᠭᠤᠬᠤ᠂ ᠪᠣᠯᠪᠠᠰᠤᠷᠠᠭᠤᠯᠬᠤ ᠪᠠ ᠬᠠᠮᠢᠶᠠᠷᠴᠤ | ᠦᠢᠯᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠪᠣᠯᠪᠠᠰᠤᠷᠠᠯ ᠬᠢᠵᠦ ᠬᠡᠮᠵᠢᠨ ᠰᠢᠯᠭᠠᠬᠤ ᠪᠠᠷ ᠳᠠᠮᠵᠢᠭᠠᠳ ᠬᠢᠷᠢ | ᠲᠡᠩᠴᠡᠭᠰᠡᠨ ᠬᠡᠷ ᠪᠦᠯᠢ ᠶᠢᠨ ᠡᠷᠡᠭᠦᠯ ᠮᠡᠨᠳᠦ ᠶᠢᠨ ᠵᠢᠯᠣᠭᠤᠳᠣᠭᠴᠢ ᠨᠠᠷ ᠴᠢᠬᠢᠷᠠᠭ ᠲᠥᠷᠥᠵᠦ ᠲᠤᠷᠨᠢᠭᠤᠨ ᠥᠰᠬᠡᠬᠦ | ᠂ ᠢᠳᠡᠷ ᠥᠲᠡᠯᠦᠭᠡ ᠨᠠᠰᠤᠨ ᠤ ᠦᠷᠡᠵᠢᠯ ᠤᠨ ᠡᠷᠡᠭᠦᠯ ᠮᠡᠨᠳᠦ᠂ ᠣᠵᠢᠭ ᠡᠪᠡᠳᠴᠢᠨ ᠤ ᠬᠠᠮᠢᠶᠠᠷᠤᠯᠲᠠ ᠵᠡᠷᠭᠡ | ᠲᠠᠯ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠶᠢ ᠬᠠᠮᠵᠢᠯᠴᠠᠨ ᠥᠷᠨᠢᠭᠦᠯᠵᠦ᠂ ︽ | ᠠᠯᠠᠱᠠ ᠠᠶᠢᠮᠠᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠨᠡᠶᠢᠲᠡ ᠶᠢᠨ ᠭᠡᠷ᠎ᠡ︾ ᠶᠢ ᠰᠠᠨᠠᠭᠠᠴᠢᠯᠠᠨ᠂ | ᠬᠡᠷ ᠤᠨ ᠰᠤᠷᠲᠠᠯ ᠤᠨ ᠪᠠᠶᠢᠭᠤᠯᠤᠯᠲᠠ ᠶᠢ ᠠᠬᠢᠭᠤᠯᠵᠤ᠂ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ | ᠢᠵᠢ ᠪᠥᠷᠢᠳᠦᠭᠰᠡᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠤᠬᠠᠭᠤᠯᠤᠨ᠂ ᠵᠣᠬᠢᠬᠤ ᠨᠠᠰᠤᠨ ᠤ | ᠤᠷᠤᠭᠯᠠᠵᠤ ᠬᠥᠩᠭᠡᠵᠢᠬᠦ᠂ ᠴᠢᠬᠢᠷᠠᠭ ᠲᠥᠷᠥᠵᠦ ᠲᠣᠷᠨᠢᠭᠤᠨ ᠥᠰᠬᠡᠬᠦ᠂ ᠬᠠᠷᠢᠭᠤᠴᠠᠯᠭ᠎ᠠ ᠶᠢ ᠬᠠᠮᠲᠤ ᠪᠠᠷ | ᠡᠭᠦᠷᠭᠡᠯᠡᠬᠦ᠂ ᠦᠶ᠎ᠡ ᠶᠢᠨ ᠬᠤᠭᠤᠷᠣᠨᠳᠣ ᠡᠶ᠎ᠡ ᠵᠣᠬᠢᠴᠠᠯ ᠲᠠᠢ ᠣᠷᠤᠭ ᠬᠤᠷᠢᠮ ᠤᠨ ᠦᠵᠡᠯᠲᠡ᠂ ᠬᠡᠷ ᠪᠦᠯᠢ ᠶᠢᠨ | ᠦᠵᠡᠯᠲᠡ ᠶᠢ ᠤᠯᠠᠮᠵᠢᠯᠠᠵᠤ᠂ ᠡᠷᠡᠭᠦᠯ ᠴᠢᠭᠢᠷᠠᠭ᠂ ᠡᠶ᠎ᠡ ᠵᠣᠬᠢᠴᠠᠯ ᠲᠠᠢ᠂ ᠢᠳᠡᠪᠬᠢ ᠬᠦᠴᠦᠨ ᠲᠠᠢ ᠰᠠᠶᠢᠨ | ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠨ᠎ᠠ᠃ | ︵ᠭᠤᠷᠪᠠ︶ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠭᠡᠷ ᠪᠦᠯᠢ ᠶᠢᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠎ᠡ | ᠭᠡᠷ ᠪᠦᠯᠢ ᠶᠢᠨ ᠬᠤᠪᠢ ᠬᠥᠮᠦᠨ ᠤ ᠡᠷᠡᠭᠦᠯ ᠮᠡᠨᠳᠦ ᠶᠢᠨ ᠦᠢᠯᠡ ᠠᠵᠢᠯᠯᠠᠭ᠎ᠠ ᠶᠢ ᠪᠤᠢ ᠪᠣᠯᠭᠠᠬᠤ ᠲᠠᠯ᠎ᠠ ᠪᠠᠷ ᠬᠢ | ᠴᠢᠬᠤᠯᠠ ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠬᠥᠮᠦᠨ | ᠨᠢᠭᠡᠪᠦᠷᠢ ᠪᠣᠯ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠣᠶᠢᠯᠠᠭᠠᠭᠳᠠᠬᠤᠨ ᠢ | ᠪᠣᠶ ᠪᠣᠯᠭᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠡᠷᠡᠭᠦᠯ ᠮᠡᠨᠳᠦ ᠶᠢᠨ | ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ︽ᠳᠤᠮᠳᠠᠳᠤ | ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ︾ ᠢᠶᠠᠷ ᠰᠠᠭᠤᠷᠢ | ᠪᠣᠯᠭᠠᠵᠤ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠳᠠᠪᠴᠠᠩ ᠭᠠᠷᠭᠠᠵᠤ᠂ ᠬᠡᠷ ᠪᠦᠯᠢ ᠶᠢᠨ ᠡᠷᠡᠭᠦᠯ ᠮᠡᠨᠳᠦ ᠶᠢ | ᠠᠬᠢᠭᠤᠯᠬᠤ ᠰᠢᠷᠢᠰ ᠤᠬᠠᠭᠤᠯᠭ᠎ᠠ ᠶᠢᠨ ᠡᠳ᠋᠂ ᠭᠠᠷ ᠳᠡᠪᠲᠡᠷ᠂ ᠲᠣᠪᠴᠢ ᠲᠣᠳᠣᠷᠬᠠᠢ ᠤᠩᠰᠢᠬᠤ ᠪᠢᠴᠢᠭ ᠵᠡᠷᠭᠡ | ᠡᠷᠡᠭᠦᠯ ᠮᠡᠨᠳᠦ ᠶᠢᠨ ᠬᠥᠮᠦᠵᠢᠯ ᠤᠨ ᠮᠠᠲ᠋ᠧᠷᠢᠶᠠᠯ ᠢ ᠨᠠᠶᠢᠷᠠᠭᠤᠯᠤᠨ ᠳᠠᠷᠬᠠᠭᠠᠨ᠎ᠠ᠃ ᠭᠡᠷ ᠪᠦᠯᠢ ᠶᠢᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠵᠢᠯᠣᠭᠤᠳᠣᠮᠵᠢ ᠶᠢ ᠵᠢᠷᠤᠵᠤ ᠳᠦᠯᠦᠪᠯᠡᠵᠦ᠂ ᠦᠢᠯᠡᠳᠴᠦ᠂ ᠲᠠᠷᠬᠠᠭᠠᠨ᠎ᠠ᠃ ︽ | ᠡᠷᠡᠭᠦᠯ ᠮᠡᠨᠳᠦ ᠶᠢᠨ ᠮᠡᠳᠡᠯᠭᠡ ᠶᠢᠨ ᠬᠢᠴᠢᠶᠡᠯ ᠤᠨ ᠲᠠᠩᠬᠢᠮ︾ ᠢ ᠥᠷᠭᠡᠨ ᠢᠶᠠᠷ ᠥᠷᠨᠢᠭᠦᠯᠵᠦ᠂ ᠳᠤᠮᠳᠠᠳᠤ | ᠤᠯᠤᠰ ᠤᠨ ᠠᠮᠢ ᠨᠠᠰᠤᠨ ᠤ ᠡᠯ᠎ᠡ ᠰᠠᠯᠪᠤᠷᠢ ᠪᠠᠶᠢᠭᠤᠯᠤᠮᠵᠢ ᠲᠠᠢ ᠬᠠᠮᠲᠤᠷᠠᠨ ︽ᠲᠥᠯᠥᠪᠯᠡᠭᠡᠲᠦ ᠦᠷᠡᠵᠢᠯ ᠤᠨ ᠬᠡᠷ | ᠪᠦᠯᠢ ᠶᠢᠨ ᠰᠢᠷᠢᠰ ᠳᠠᠭᠠᠳᠬᠠᠯ︾ ᠢ ᠭᠦᠨᠵᠡᠭᠡᠶ ᠠᠬᠢᠭᠤᠯᠵᠤ᠂ ᠡᠷᠡᠭᠦᠯ ᠮᠡᠨᠳᠦ ᠶᠢᠨ ᠮᠡᠳᠡᠯᠭᠡ ᠪᠠ ᠳᠠᠭᠠᠳᠬᠠᠯ ᠤᠨ | ᠪᠠᠲᠤᠯᠠᠭ᠎ᠠ ᠶᠢ ᠲᠦᠭ ᠲᠦᠮᠡᠨ ᠡᠷᠦᠬᠡ ᠳᠤ ᠬᠦᠷᠭᠡᠵᠦ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠣᠯᠠᠨ | ᠶᠠᠩᠵᠤ ᠶᠢᠨ ᠣᠯᠠᠨ ᠲᠠᠰ ᠳᠠᠪᠬᠤᠷᠭ᠎ᠠ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ | ᠥᠬᠡᠶ ᠬᠠᠩᠭᠠᠵᠤ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠲᠦᠭᠰᠢᠭᠦᠷᠢ ᠶᠢ | ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ | ︵ᠨᠡᠶᠢᠭᠡᠮ ᠲᠣᠭᠤᠷᠢᠭ︶ ᠬᠤᠶᠠᠷ ᠱᠠᠲᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯᠲᠠᠨ᠂ ᠭᠡᠰᠢᠭᠦᠨ | ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠷᠡᠭᠦᠯ ᠮᠡᠨᠳᠦ ᠶᠢᠨ ᠮᠡᠳᠡᠯᠭᠡ ᠪᠠ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠴᠢᠩᠭᠠᠳᠬᠠᠵᠤ᠂ ᠬᠡᠷ ᠪᠦᠯᠢ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ | ᠪᠣᠳᠣᠯᠭ᠎ᠠ᠂ ᠰᠢᠮ᠎ᠡ ᠲᠡᠵᠢᠭᠡᠯ ᠡᠷᠡᠭᠦᠯ ᠮᠡᠨᠳᠦ᠂ ᠵᠦᠶ ᠵᠣᠬᠢᠰᠲᠠᠶ ᠬᠤᠭᠤᠯᠠᠯᠠᠬᠤ᠂ ︽ᠭᠤᠷᠪᠠ ᠶᠢ ᠬᠠᠰᠤᠵᠤ | ᠭᠤᠷᠪᠠ ᠶᠢ ᠴᠢᠬᠢᠷᠠᠭᠵᠢᠭᠤᠯᠬᠤ︾᠂ ᠲᠠᠮᠠᠬᠢ ᠲᠠᠳᠠᠵᠤ ᠠᠷᠢᠬᠢ ᠤᠤᠭᠤᠬᠤ ᠶᠢ ᠬᠢᠵᠠᠭᠠᠷᠯᠠᠬᠤ᠂ ᠰᠠᠨᠠᠭᠠᠨ ᠳᠤ ᠦᠭᠡᠢ | ᠭᠡᠮᠲᠦᠯ ᠢ ᠰᠡᠷᠭᠡᠶᠢᠯᠡᠬᠦ᠂ ᠣᠵᠢᠭ ᠡᠪᠡᠳᠴᠢᠨ ᠢ ᠬᠠᠮᠢᠶᠠᠷᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠵᠡᠷᠭᠡ | ᠮᠡᠳᠡᠯᠭᠡ ᠶᠢ ᠲᠦᠭᠡᠮᠡᠯᠵᠢᠭᠦᠯᠦᠨ᠎ᠡ᠃ ᠨᠡᠶᠢᠲᠡ ᠶᠢᠨ ᠰᠠᠪᠬ᠎ᠠ ᠬᠡᠷᠡᠭᠯᠡᠬᠦ᠂ ᠬᠤᠪᠢᠶᠠᠨ ᠬᠤᠭᠤᠯᠠᠯᠠᠬᠤ᠂ ᠬᠡᠭᠡᠷ᠎ᠡ ᠶᠢᠨ | ᠠᠮᠢᠲᠠᠨ ᠢ ᠳᠤᠷ᠎ᠠ ᠪᠠᠷ ᠢᠶᠠᠨ ᠢᠳᠡᠬᠦ ᠶᠢ ᠴᠠᠭᠠᠵᠠᠯᠠᠬᠤ ᠵᠡᠷᠭᠡ ᠶᠢ ᠰᠠᠨᠠᠭᠠᠴᠢᠯᠠᠨ᠎ᠠ᠃ ᠭᠡᠷ ᠪᠦᠯᠢ ᠶᠢᠨ | ᠦᠢᠯᠡᠴᠢᠯᠡᠭᠡᠨ ᠤ ᠤᠲᠠᠰᠤ ᠭᠠᠷᠭᠠᠵᠤ᠂ ᠭᠡᠷ ᠪᠦᠯᠢ ᠶᠢᠨ ᠪᠦᠷᠢᠯᠳᠦᠬᠦᠨ ᠤ ᠰᠡᠳᠬᠢᠴᠡ ᠶᠢᠨ ᠡᠷᠡᠭᠦᠯ ᠮᠡᠨᠳᠦ ᠶᠢ | ᠬᠠᠯᠠᠮᠵᠢᠯᠠᠨ᠎ᠠ᠃ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠭᠡᠰᠢᠭᠦᠨ᠂ ᠰᠠᠶᠢᠨ ᠳᠤᠷᠠᠴᠤᠳ ᠢ | ᠢᠳᠡᠪᠬᠢᠲᠡᠶ ᠪᠠᠷ ᠳᠠᠶᠢᠴᠢᠯᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠭᠤᠯᠵᠤ | ᠂ ᠥᠷᠭᠡᠨ ᠣᠯᠠᠨ ᠭᠡᠷ ᠪᠦᠯᠢ ᠶᠢ ᠬᠥᠲᠥᠯᠥᠨ ᠵᠢᠯᠣᠭᠤᠳᠴᠤ ᠪᠠᠶᠢᠭᠠᠳ ᠬᠤᠲᠠ ᠬᠥᠳᠡᠭᠡ ᠶᠢᠨ ᠣᠷᠴᠢᠨ | ᠲᠣᠭᠤᠷᠢᠨ ᠢ ᠴᠡᠪᠡᠷ ᠲᠡᠭᠰᠢ ᠪᠠᠶᠢᠯᠭᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠡᠷᠡᠭᠦᠯ ᠡᠩᠬᠡ ᠨᠡᠶᠢᠭᠡᠮ | ᠲᠣᠭᠤᠷᠢᠭ᠂ ᠭᠠᠴᠠᠭ᠎ᠠ ᠲᠣᠰᠬᠤᠨ ︵ᠰᠠᠭᠤᠭᠠᠯᠢ ᠠᠷᠠᠳ︶᠂ ᠬᠤᠰᠢᠭᠤ ︵ᠣᠷᠣᠨ︶ ᠶᠢᠨ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | ︵ᠲᠦᠷᠪᠡ︶ ᠴᠢᠬᠢᠷᠠᠭ ᠳᠦᠷᠦᠵᠦ ᠲᠣᠷᠨᠢᠭᠤᠨ ᠦᠰᠭᠡᠬᠦ ᠶᠢ ᠰᠠᠨᠠᠭᠠᠴᠢᠯᠠᠵᠤ᠂ ᠬᠡᠦᠬᠡᠳ ᠤᠨ ᠡᠷᠡᠭᠦᠯ ᠢᠶᠠᠷ | ᠦᠰᠦᠨ ᠪᠤᠶᠢᠵᠢᠬᠤ ᠶᠢ ᠠᠬᠢᠭᠤᠯᠤᠨ᠎ᠠ | ᠴᠢᠬᠢᠷᠠᠭ ᠳᠦᠷᠦᠵᠦ ᠲᠤᠷᠨᠢᠭᠤᠨ ᠦᠰᠭᠡᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠲᠦᠯᠦᠪᠯᠡᠭᠡᠲᠦ | ᠦᠷᠡᠵᠢᠯ ᠤᠨ ᠨᠡᠶᠢᠭᠡᠮᠯᠢᠭ ᠤᠨ ᠦᠨᠳᠦᠰᠦᠨ ᠱᠠᠳᠤᠨ ᠤ ᠦᠢᠯᠡᠴᠢᠯᠡᠭᠡᠨ ᠤ ᠰᠠᠭᠤᠷᠢᠨ ᠭᠠᠵᠠᠷ ᠢᠶᠠᠷ ᠲᠠᠪᠴᠠᠩ | ᠪᠤᠯᠭᠠᠵᠦ᠂ ᠴᠢᠬᠢᠷᠠᠭ ᠲᠦᠷᠦᠵᠦ ᠲᠤᠷᠨᠢᠭᠤᠨ ᠦᠰᠭᠡᠬᠦ ᠶᠢ ᠵᠢᠯᠤᠭᠤᠳᠬᠤ ᠲᠦᠪ᠂ ᠨᠡᠶᠢᠭᠡᠮ ᠲᠤᠭᠤᠷᠢᠭ ᠤᠨ | ᠬᠡᠦᠭᠡᠳ ᠤᠨ ᠲᠦᠪ᠂ ᠬᠠᠯᠠᠮᠵᠢ ᠬᠦᠷᠳᠡᠭᠡᠬᠦ ᠡᠴᠢᠭᠡ ᠡᠬᠡ ᠦᠷ᠎ᠡ ᠬᠡᠤᠬᠡᠳ ᠤᠨ ᠵᠢᠵᠢᠭ ᠦᠷᠦᠭᠡ ᠵᠡᠷᠭᠡ ᠰᠠᠭᠤᠷᠢᠨ | ᠭᠠᠵᠠᠷ ᠢ ᠢᠳᠡᠪᠬᠢᠳᠡᠢ ᠪᠠᠶᠢᠭᠤᠯᠵᠤ᠂ ᠬᠡᠦᠭᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ ᠵᠡᠷᠭᠡ ᠲᠤᠰᠬᠠᠢ | ᠪᠠᠶᠢᠭᠤᠯᠤᠮᠵᠢ ᠳᠤ ᠲᠦᠰᠢᠭᠯᠡᠨ᠂ ᠨᠢᠯᠬ᠎ᠠ ᠬᠡᠦᠭᠡᠳ ᠤᠨ ᠦᠰᠦᠯᠳᠡ ᠪᠤᠶᠢᠵᠢᠯᠳᠠ ᠶᠢᠨ ᠱᠠᠳᠤ ᠦᠶ᠎ᠡ ᠶᠢᠨ | ᠤᠨᠴᠠᠯᠢᠭ ᠲᠤ ᠲᠤᠬᠢᠷᠠᠭᠰᠠᠨ ᠵᠢᠭᠠᠬᠤ ᠮᠠᠲ᠋ᠧᠷᠢᠶᠠᠯ᠂ ᠬᠢᠴᠢᠶᠡᠯ ᠪᠠ ᠤᠬᠠᠭᠤᠯᠭ᠎ᠠ ᠶᠢᠨ ᠮᠠᠲ᠋ᠧᠷᠢᠶᠠᠯ ᠢ ᠬᠠᠮᠲᠤᠷᠠᠨ | ᠨᠡᠭᠡᠭᠡᠨ ᠬᠦᠭᠵᠢᠭᠦᠯᠵᠦ᠂ ᠭᠡᠷ ᠤᠨ ᠠᠬᠠᠮᠠᠳ ᠤᠨ ᠪᠤᠯᠪᠠᠰᠤᠷᠠᠯ᠂ ᠡᠴᠢᠭᠡ ᠡᠬᠡ ᠦᠷ᠎ᠡ ᠬᠡᠤᠬᠡᠳ ᠤᠨ ᠠᠵᠢᠯᠯᠠᠭ᠎ᠠ | ᠵᠡᠷᠭᠡ ᠶᠢ ᠡᠷᠬᠢᠯᠡᠵᠦ᠂ ᠬᠡᠦᠬᠡᠳ ᠤᠨ ᠠᠩᠬᠠᠨ ᠤ ᠬᠦᠮᠦᠵᠢᠯ ᠤᠨ ᠦᠢᠯᠡᠴᠢᠯᠡᠭᠡ ᠶᠢ ᠬᠦᠳᠡᠭᠡ ᠲᠤᠰᠬᠤᠨ᠂ ᠨᠡᠶᠢᠭᠡᠮ | ᠲᠤᠭᠤᠷᠢᠭ᠂ ᠭᠡᠷ ᠪᠦᠯᠢ ᠳᠤ ᠣᠷᠣᠭᠤᠯᠬᠤ ᠶᠢ ᠠᠬᠢᠭᠤᠯᠤᠨ᠎ᠠ᠃ ᠰᠤᠮᠤ ᠪᠠᠯᠭᠠᠰᠤ ︵ᠵᠡᠭᠡᠯᠢ ᠭᠤᠳᠤᠮᠵᠢ︶᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠱᠠᠲᠤᠨ ᠤ ᠲᠥᠯᠥᠪᠯᠡᠭᠡᠲᠦ ᠦᠷᠡᠵᠢᠯ ᠤᠨ | ᠨᠡᠶᠢᠭᠡᠮᠯᠢᠭ ᠤᠨ ᠠᠵᠢᠯᠲᠠᠨ᠂ ᠭᠡᠰᠢᠭᠦᠨ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠵᠢᠷᠮᠦᠰᠦᠨ ᠪᠠ ᠬᠥᠩᠭᠡᠵᠢᠭᠰᠡᠨ | ᠬᠤᠭᠤᠴᠠᠭᠠᠨ ᠳᠠᠬᠢ ᠡᠷᠡᠭᠦᠯᠵᠢᠯ᠂ ᠠᠮᠤᠷ ᠲᠦᠪᠰᠢᠨ ᠢᠶᠠᠷ ᠬᠥᠩᠭᠡᠵᠢᠬᠦ᠂ 3 ᠨᠠᠰᠤᠨ ᠠᠴᠠ ᠳᠣᠷᠣᠭᠰᠢᠬᠢ ᠨᠢᠯᠬ᠎ᠠ | ᠬᠡᠦᠬᠡᠳ ᠢ ᠬᠠᠷᠠᠭᠠᠯᠵᠠᠨ ᠠᠰᠠᠷᠠᠬᠤ᠂ ᠨᠢᠯᠬ᠎ᠠ ᠬᠡᠦᠬᠡᠳ ᠢ ᠬᠦᠮᠦᠵᠢᠬᠦᠯᠬᠦ ᠲᠠᠯ᠎ᠠ ᠶᠢᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠪᠠ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠪᠥᠬᠦ ᠠᠶᠢᠮᠠᠭ ᠤᠨ ᠡᠯ᠎ᠡ ᠱᠠᠲᠤᠨ ᠤ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠡᠬᠡ ᠨᠢᠯᠬᠠᠰ ᠤᠨ ᠡᠷᠡᠭᠦᠯᠵᠢᠯ ᠤᠨ ᠮᠡᠳᠡᠯᠭᠡ ᠶᠢ ᠤᠬᠠᠭᠤᠯᠬᠤ᠂ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ᠂ ᠨᠡᠶᠢᠭᠡᠮ ᠤᠨ ᠬᠢᠨᠠᠯᠲᠠ ᠲᠠᠯᠪᠢᠬᠤ ᠠᠵᠢᠯ ᠢ | ᠥᠷᠨᠢᠭᠦᠯᠬᠦ ᠶᠢ ᠳᠠᠶᠢᠴᠢᠯᠠᠨ᠎ᠠ᠃ | ︵ᠲᠠᠪᠤ︶ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠥᠷᠨᠢᠭᠦᠯᠵᠦ᠂ ᠭᠡᠷ ᠪᠦᠯᠢ ᠶᠢᠨ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ | ᠡᠯ᠎ᠡ ᠲᠠᠯ᠎ᠠ ᠶᠢᠨ ᠲᠤᠰᠬᠠᠶ ᠮᠡᠷᠭᠡᠵᠢᠯ ᠤᠨ ᠬᠦᠴᠦᠨ ᠳᠤ ᠲᠦᠰᠢᠭᠯᠡᠨ᠂ ᠦᠷᠡᠵᠢᠯ ᠤᠨ ᠡᠷᠡᠭᠦᠯ ᠮᠡᠨᠳᠦ ᠶᠢᠨ | ᠲᠤᠰᠬᠠᠶ ᠮᠡᠷᠭᠡᠵᠢᠯᠲᠡᠨ ᠪᠠ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠦᠷᠡᠵᠢᠯ ᠤᠨ ᠡᠷᠡᠭᠦᠯ ᠮᠡᠨᠳᠦ ᠶᠢᠨ ᠯᠠᠪᠯᠠᠭ᠎ᠠ ᠶᠢᠨ ᠵᠢᠯᠣᠭᠤᠳᠣᠯᠭ᠎ᠠ ᠶᠢ ᠥᠷᠨᠢᠭᠦᠯᠦᠨ᠎ᠡ᠃ ᠵᠠᠯᠠᠭᠤ | ᠨᠠᠰᠤᠨ ᠤ ᠡᠷᠡᠭᠦᠯ ᠮᠡᠨᠳᠦ ᠠᠮᠢ ᠨᠠᠰᠤᠨ ᠤ ᠳᠠᠮᠢᠷ ᠵᠡᠷᠭᠡ ᠰᠤᠷᠭᠠᠨ ᠬᠥᠮᠦᠵᠢᠯ ᠤᠨ ᠲᠥᠷᠥᠯ ᠵᠦᠢᠯ ᠢᠶᠠᠷ ᠭᠠᠷᠳᠠᠴᠠ | ᠪᠣᠯᠭᠠᠵᠤ᠂ ᠵᠠᠯᠠᠭᠤ ᠨᠠᠰᠤᠨ ᠤ ᠡᠷᠡᠭᠦᠯ ᠮᠡᠨᠳᠦ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ | ᠳᠤᠮᠳᠠᠳᠤ ᠰᠤᠷᠭᠠᠭᠤᠯᠢ ᠶᠢᠨ ᠰᠤᠷᠤᠭᠴᠢ᠂ ᠣᠶᠤᠲᠠᠨ ᠪᠠ ᠨᠡᠭᠦᠳᠡᠯ ᠬᠥᠮᠦᠨ ᠠᠮᠠ ᠶᠢᠨ ᠢᠳᠡᠷ ᠵᠠᠯᠠᠭᠤ ᠨᠠᠰᠤᠨ ᠤ | ᠬᠥᠮᠦᠨ ᠢᠶᠠᠷ ᠭᠤᠣᠯᠳᠠᠯᠭ᠎ᠠ ᠪᠣᠯᠭᠠᠵᠤ᠂ ᠵᠠᠯᠠᠭᠤᠴᠤᠳ ᠪᠠᠭᠠᠴᠤᠳ ᠲᠤ ᠦᠷᠡᠵᠢᠯ ᠤᠨ ᠡᠷᠡᠭᠦᠯ ᠮᠡᠨᠳᠦ ᠶᠢᠨ | ᠮᠡᠳᠡᠯᠭᠡ ᠶᠢ ᠤᠬᠠᠭᠤᠯᠵᠤ᠂ ᠵᠠᠯᠠᠭᠤᠴᠤᠳ ᠪᠠᠭᠠᠴᠤᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠦᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ᠂ ᠡᠷᠡᠭᠦᠯ | ᠮᠡᠨᠳᠦ᠂ ᠬᠠᠷᠢᠭᠤᠴᠠᠯᠭ᠎ᠠ ᠡᠭᠦᠷᠭᠡᠯᠡᠬᠦ ᠲᠣᠭᠲᠠᠭᠠᠯ ᠬᠢᠯᠭᠡᠵᠦ᠂ ᠵᠠᠯᠠᠭᠤᠴᠤᠳ ᠪᠠᠭᠠᠴᠤᠳ ᠤᠨ ᠪᠡᠯᠭᠡ ᠶᠢᠨ | ᠬᠠᠯᠳᠠᠯᠭ᠎ᠠ ᠳᠤ ᠤᠴᠠᠷᠠᠬᠤ ᠪᠠ ᠪᠡᠯᠭᠡ ᠶᠢᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ ᠪᠠᠭᠠᠰᠬᠠᠬᠤ | ᠬᠡᠷᠡᠭᠲᠡᠢ᠃ ᠭᠡᠷ ᠤᠨ ᠠᠬᠠᠮᠠᠳ ᠤᠨ ᠪᠣᠯᠪᠠᠰᠤᠷᠠᠭᠤᠯᠤᠯ ᠢ ᠥᠷᠨᠢᠭᠦᠯᠵᠦ᠂ ᠭᠡᠷ ᠤᠨ ᠠᠬᠠᠮᠠᠳ ᠤᠨ ᠦᠷᠡᠵᠢᠯ ᠤᠨ | ᠡᠷᠡᠭᠦᠯ ᠮᠡᠨᠳᠦ ᠶᠢᠨ ᠬᠥᠮᠦᠵᠢᠯ ᠬᠢᠭᠡᠳ ᠡᠴᠢᠭᠡ ᠡᠬᠡ ᠦᠷ᠎ᠡ ᠬᠡᠦᠬᠡᠳ ᠲᠠᠢ ᠪᠠᠨ ᠨᠡᠪᠲᠡᠷᠡᠯᠴᠡᠨ ᠵᠢᠯᠣᠭᠤᠳᠬᠤ ᠶᠢ | ᠴᠢᠩᠭᠠᠳᠬᠠᠨ᠂ ᠡᠴᠢᠭᠡ ᠡᠬᠡ ᠦᠷ᠎ᠡ ᠬᠡᠤᠬᠡᠳ ᠤᠨ ᠬᠠᠷᠢᠴᠠᠭ᠎ᠠ ᠶᠢ ᠰᠠᠶᠢᠵᠢᠷᠠᠭᠤᠯᠵᠤ᠂ ᠵᠠᠯᠠᠭᠤᠴᠤᠳ ᠤᠨ | ᠬᠤᠭᠤᠴᠠᠭᠠᠨ ᠤ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠭᠡᠷ ᠪᠦᠯᠢ ᠶᠢᠨ ᠠᠭᠤᠷ ᠠᠮᠢᠰᠬᠤᠯ ᠢ | ᠪᠣᠶ ᠪᠣᠯᠭᠠᠬᠤ ᠬᠡᠷᠡᠭᠲᠡᠶ᠃ ᠭᠡᠷ ᠪᠦᠯᠢ ᠶᠢᠨ ᠳᠦᠯᠦᠪᠯᠡᠭᠰᠡᠨ ᠦᠢᠯᠡᠴᠢᠯᠡᠭᠡ ᠶᠢ ᠥᠷᠨᠢᠭᠦᠯᠵᠦ᠂ ᠵᠢᠷᠮᠦᠰᠦᠯᠡᠬᠦ ᠶᠢ | ᠬᠤᠷᠢᠭᠯᠠᠬᠤ ᠠᠷᠭ᠎ᠠ ᠶᠢᠨ ᠪᠠᠶᠢᠳᠠᠯ ᠢ ᠮᠡᠳᠡᠬᠦ ᠰᠣᠩᠭᠤᠯᠲᠠ ᠶᠢ ᠳᠡᠯᠭᠡᠷᠡᠭᠦᠯᠦᠨ᠂ ᠰᠠᠨᠠᠭᠠᠨ ᠳᠤ ᠦᠭᠡᠶ ᠪᠠᠷ | ᠵᠢᠷᠮᠦᠰᠦᠯᠡᠬᠦ ᠶᠢ ᠪᠠᠭᠠᠰᠬᠠᠬᠤ ᠶᠢᠨ ᠬᠠᠮᠳᠣ ᠬᠥᠮᠦᠨ ᠤ ᠬᠦᠴᠦ ᠪᠠᠷ ᠣᠷᠤᠭ ᠣᠨᠠᠭᠠᠭᠰᠠᠨ ᠤ ᠳᠠᠷᠠᠭ᠎ᠠ | ᠵᠢᠷᠮᠦᠰᠦᠯᠡᠬᠦ ᠶᠢ ᠬᠤᠷᠢᠭᠯᠠᠬᠤ ᠯᠠᠪᠯᠠᠭ᠎ᠠ ᠶᠢᠨ ᠦᠢᠯᠡᠴᠢᠯᠡᠭᠡ ᠶᠢ ᠠᠬᠢᠭᠤᠯᠵᠤ᠂ ᠬᠥᠮᠦᠨ ᠤ ᠬᠦᠴᠦ ᠪᠠᠷ ᠤᠷᠤᠭ | ᠤᠨᠠᠭᠠᠬᠤ ᠪᠠ ᠵᠢᠷᠮᠦᠰᠦᠯᠡᠬᠦ ᠦᠭᠡᠶ ᠪᠠᠶᠢᠳᠠᠯ ᠳᠠᠪᠬᠤᠷᠳᠠᠨ ᠡᠭᠦᠰᠬᠦ ᠶᠢ ᠪᠠᠭᠠᠰᠬᠠᠨ᠎ᠠ᠃ ᠣᠷᠤᠭ ᠬᠤᠷᠢᠮ ᠤᠨ | ᠵᠢᠯᠣᠭᠤᠳᠣᠯᠭ᠎ᠠ᠂ ᠡᠷ᠎ᠡ ᠡᠮ᠎ᠡ ᠶᠢᠨ ᠬᠠᠷᠢᠴᠠᠭᠠᠨ ᠤ ᠬᠦᠮᠦᠵᠢᠯ ᠢ ᠦᠷᠨᠢᠬᠦᠯᠵᠦ᠂ ᠭᠡᠷ ᠪᠦᠯᠢ ᠶᠢᠨ ᠡᠶ᠎ᠡ ᠵᠣᠬᠢᠴᠠᠯ | ᠵᠣᠯ ᠵᠢᠷᠭᠠᠯ ᠢ ᠠᠬᠢᠭᠤᠯᠥᠨ᠎ᠠ᠃ | ︵ᠵᠢᠷᠭᠤᠭ᠎ᠠ︶ ᠢᠳᠡᠷ ᠥᠲᠡᠯᠦᠭᠡ ᠨᠠᠰᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠥᠷᠨᠢᠭᠦᠯᠵᠦ᠂ | ᠡᠷᠡᠭᠦᠯ ᠮᠡᠨᠳᠦ ᠨᠠᠰᠤᠵᠢᠯᠲᠠ ᠶᠢ ᠠᠬᠢᠭᠤᠯᠤᠨ᠎ᠠ | ᠴᠡᠪᠡᠷᠰᠢᠯᠳᠡ ᠶᠢᠨ ᠬᠤᠭᠤᠴᠠᠭᠠᠨ ᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠴᠡᠪᠡᠷᠰᠢᠯᠳᠡ ᠶᠢᠨ ᠬᠤᠭᠤᠴᠠᠭᠠᠨ ᠳᠠᠬᠢ ᠬᠥᠮᠦᠰ ᠤᠨ | ᠡᠪᠡᠳᠴᠢᠨ ᠡᠮᠭᠡᠭ ᠢ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠢᠳᠡᠷ ᠪᠠ ᠨᠠᠰᠤᠲᠠᠢ ᠬᠥᠮᠦᠨ ᠤ ᠭᠡᠷ ᠪᠦᠯᠢ ᠶᠢᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠢᠳᠡᠷ | ᠪᠠ ᠨᠠᠰᠤᠲᠠᠶᠢᠴᠤᠳ ᠤᠨ ᠴᠡᠪᠡᠷᠰᠢᠬᠦ ᠬᠤᠭᠤᠴᠠᠭᠠᠨ ᠤ ᠦᠷᠡᠵᠢᠯ ᠤᠨ ᠡᠷᠡᠭᠦᠯ ᠮᠡᠨᠳᠦ ᠶᠢ ᠵᠥᠪ ᠢᠶᠠᠷ ᠲᠠᠨᠢᠵᠤ᠂ | ᠪᠡᠯᠭᠡ ᠶᠢᠨ ᠡᠷᠡᠭᠦᠯ ᠮᠡᠨᠳᠦ᠂ ᠪᠡᠯᠭᠡ ᠶᠢᠨ ᠠᠮᠤᠷ ᠲᠦᠪᠰᠢᠨ ᠪᠠ ᠶᠣᠰᠣ ᠮᠣᠷᠠᠯ ᠤᠨ ᠬᠥᠮᠦᠵᠢᠯ ᠤᠨ | ᠵᠢᠯᠣᠭᠤᠳᠣᠯᠭ᠎ᠠ ᠶᠢ ᠴᠢᠩᠭᠠᠳᠬᠠᠨ᠂ ᠥᠩᠭᠡᠨ ᠡᠪᠡᠳᠴᠢᠨ ᠠᠶᠢᠽ ᠡᠪᠡᠳᠴᠢᠨ ᠬᠠᠯᠳᠠᠪᠤᠷᠢᠯᠠᠬᠤ ᠶᠢ ᠪᠠᠭᠠᠰᠬᠠᠬᠤ | ᠬᠡᠷᠡᠭᠲᠡᠶ᠃ ᠢᠳᠡᠷ ᠥᠲᠡᠯᠦᠭᠡ ᠨᠠᠰᠤᠨ ᠤ ᠡᠮᠡᠭᠲᠡᠶᠢᠴᠦᠳ ᠤᠨ ᠦᠷᠡᠵᠢᠯ ᠤᠨ ᠡᠷᠡᠭᠦᠯ ᠮᠡᠨᠳᠦ ᠶᠢᠨ ᠤᠬᠠᠭᠤᠯᠭ᠎ᠠ ᠶᠢ | ᠥᠷᠨᠢᠭᠦᠯᠵᠦ᠂ ᠴᠡᠪᠡᠷᠰᠢᠯᠳᠡ ᠶᠢᠨ ᠬᠤᠭᠤᠴᠠᠭᠠᠨ ᠳᠠᠬᠢ ᠡᠮᠡᠭᠲᠡᠶᠢᠴᠦᠳ ᠢ ᠵᠢᠭᠠᠨ ᠵᠢᠯᠣᠭᠤᠳᠴᠤ ᠪᠠᠶᠢᠭᠠᠳ ᠴᠠᠭ | ᠲᠤᠬᠠᠶ ᠳᠤᠨᠢ ᠰᠠᠪᠠ ᠶᠢᠨ ᠳᠣᠲᠣᠷᠠᠬᠢ ᠵᠢᠷᠮᠦᠰᠦᠯᠡᠬᠦ ᠶᠢ ᠬᠤᠷᠢᠭᠯᠠᠬᠤ ᠬᠡᠷᠡᠭᠰᠡᠯ ᠢ ᠲᠠᠲᠠᠨ ᠭᠠᠷᠭᠠᠵᠤ᠂ ᠦᠢᠯᠡᠴᠢᠯᠡᠬᠦ | ᠡᠲᠡᠭᠡᠳ ᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠪᠠᠶᠢᠴᠠᠭᠠᠯᠲᠠ᠂ ᠡᠪᠡᠳᠴᠢᠨ ᠡᠮᠭᠡᠭ ᠢ ᠡᠮᠨᠡᠨ | ᠵᠠᠰᠠᠬᠤ ᠪᠠ ᠳᠠᠭᠠᠵᠤ ᠰᠤᠷᠪᠤᠯᠵᠢᠯᠠᠬᠤ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠯᠭᠡᠨ᠎ᠡ᠃ ᠭᠡᠷ | ᠪᠦᠯᠢ ᠶᠢᠨ ᠪᠦᠷᠢᠯᠳᠦᠬᠦᠨ ᠢ ᠬᠠᠪᠰᠤᠷᠤᠨ ᠢᠳᠡᠷ ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠮᠠᠭᠠᠯᠠᠬᠤ ᠬᠠᠮᠢᠶ᠎ᠠ | ᠪᠦᠬᠦᠢ ᠮᠡᠳᠡᠯᠭᠡ ᠪᠠ ᠤᠷ᠎ᠠ ᠴᠢᠳᠠᠪᠤᠷᠢ ᠶᠢ ᠰᠤᠷᠤᠯᠴᠠᠨ ᠣᠶᠢᠯᠠᠭᠠᠭᠤᠯᠵᠤ᠂ ᠢᠳᠡᠷ ᠨᠠᠰᠤᠲᠠᠶᠢᠴᠤᠳ ᠤᠨ ᠰᠡᠳᠬᠢᠴᠡ | ᠂ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠦᠢᠯᠡ ᠠᠵᠢᠯᠯᠠᠭ᠎ᠠ ᠶᠢᠨ ᠬᠤᠪᠢᠷᠠᠯᠲᠠ ᠶᠢᠨ ᠪᠠᠶᠢᠳᠠᠯ ᠢ ᠬᠠᠯᠠᠮᠵᠢᠯᠠᠬᠤ | ᠬᠡᠷᠡᠭᠲᠡᠢ᠃ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠥᠲᠡᠯᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠥᠲᠡᠯᠪᠡᠯ ᠠᠵᠢᠯᠯᠠᠭ᠎ᠠ ᠲᠠᠢ | ᠪᠠᠶᠢᠬᠤ ᠶᠢ ᠠᠬᠢᠭᠤᠯᠤᠨ᠎ᠠ᠃ | ︵ᠳᠤᠯᠤᠭ᠎ᠠ︶ ᠥᠷᠭᠡᠨ ᠢᠶᠠᠷ ᠤᠬᠠᠭᠤᠯᠬᠤ ᠪᠠ ᠨᠡᠶᠢᠭᠡᠮ ᠢ ᠳᠠᠶᠢᠴᠢᠯᠠᠵᠦ᠂ ᠭᠡᠷ ᠪᠦᠯᠢ ᠶᠢᠨ ᠡᠷᠡᠭᠦᠯ ᠮᠡᠨᠳᠦ ᠶᠢ | ᠰᠣᠷᠳᠠᠯᠴᠢᠯᠠᠭᠰᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ | ᠭᠡᠷ ᠪᠦᠯᠢ ᠶᠢᠨ ᠡᠷᠡᠭᠦᠯ ᠮᠡᠨᠳᠦ ᠶᠢᠨ ᠠᠭᠤᠯᠭ᠎ᠠ ᠶᠢ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ | ᠵᠠᠰᠠᠬᠤ ᠪᠤᠶᠤ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠬᠤ ᠶᠢ ᠵᠣᠷᠢᠭᠵᠢᠭᠤᠯᠵᠤ᠂ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ | ᠪᠡᠶ᠎ᠡ ᠳᠡᠭᠡᠨ ᠦᠢᠯᠡᠴᠢᠯᠡᠬᠦ ᠪᠣᠯᠭᠠᠵᠤ᠂ ᠡᠷᠡᠭᠦᠯ ᠡᠩᠬᠡ ᠭᠡᠷ ᠪᠦᠯᠢ ᠶᠢᠨ ᠪᠠᠶᠢᠭᠤᠯᠤᠯᠲᠠ ᠶᠢ ᠢᠳᠡᠪᠬᠢᠲᠡᠶ | ᠥᠷᠨᠢᠭᠦᠯᠦᠨ᠎ᠡ᠃ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠰᠢᠨᠵᠢᠯᠡᠬᠦ ᠤᠬᠠᠭᠠᠨᠴᠢ᠂ ᠪᠣᠯᠪᠠᠰᠤᠨ᠂ ᠳᠠᠪᠰᠢᠩᠭᠤᠶ ᠤᠷᠤᠭ ᠬᠤᠷᠢᠮ ᠬᠡᠦᠬᠡᠳ ᠠᠪᠬᠤ ᠦᠵᠡᠯᠲᠡ ᠶᠢ | ᠰᠠᠨᠠᠭᠠᠴᠢᠯᠠᠵᠤ᠂ ᠭᠡᠷ ᠪᠦᠯᠢ ᠶᠢᠨ ᠨᠢᠯᠬ᠎ᠠ ᠬᠡᠦᠬᠡᠳ ᠢ ᠠᠰᠠᠷᠠᠨ ᠲᠡᠵᠢᠭᠡᠬᠦ ᠴᠢᠳᠠᠮᠵᠢ ᠶᠢ ᠪᠠᠬᠢᠵᠢᠭᠦᠯᠵᠦ᠂ | ᠨᠠᠰᠤᠲᠠᠨ ᠢᠶᠠᠨ ᠬᠦᠨᠳᠦᠯᠡᠵᠦ ᠨᠢᠯᠬ᠎ᠠ ᠪᠠᠨ ᠬᠠᠶᠢᠷᠠᠯᠠᠬᠤ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ᠂ ᠡᠷ᠎ᠡ ᠡᠮ᠎ᠡ | ᠡᠶ᠎ᠡ ᠵᠣᠬᠢᠴᠠᠯ ᠲᠠᠢ ᠪᠠᠶᠢᠬᠤ ᠵᠡᠷᠭᠡ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠤᠨ᠎ᠠ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠵᠢᠴᠢ ᠪᠢᠴᠢᠯ ᠪᠦᠷᠭᠡ᠂ ᠸᠢᠴᠠᠲ | ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠬᠡᠷᠡᠭᠯᠡᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠦᠭᠡ | ᠬᠡᠯᠡ ᠪᠠ ᠠᠷᠭ᠎ᠠ ᠮᠠᠶ᠋ᠢᠭ ᠢ ᠬᠡᠷᠡᠭᠯᠡᠵᠦ᠂ ᠭᠡᠷ ᠪᠦᠯᠢ ᠶᠢᠨ ᠡᠷᠡᠭᠦᠯ ᠮᠡᠨᠳᠦ ᠶᠢᠨ ᠬᠥᠮᠦᠵᠢᠯ ᠪᠠ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠨᠡᠶᠢᠭᠡᠮ ᠤᠨ ᠡᠬᠢ | ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ᠠᠨᠠᠭᠠᠬᠤ ᠤᠬᠠᠭᠠᠨ᠂ ᠬᠡᠣᠬᠡᠳ ᠤᠨ ᠬᠥᠮᠦᠵᠢᠯ ᠤᠨ ᠲᠤᠰᠬᠠᠶ | ᠮᠡᠷᠭᠡᠵᠢᠯ ᠤᠨ ᠠᠬᠤᠶ ᠪᠠᠶᠢᠳᠠᠯ ᠲᠠᠢ ᠭᠡᠰᠢᠭᠦᠨ ᠪᠠ ᠰᠠᠶᠢᠨ ᠳᠤᠷᠠᠴᠤᠳ ᠢ ᠳᠠᠶᠢᠴᠢᠯᠠᠨ ᠬᠥᠲᠥᠯᠥᠨ ᠳᠠᠭᠠᠭᠤᠯᠵᠤ | ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠲᠥᠪ ᠪᠤᠶᠤ ᠠᠵᠢᠯ | ᠲᠥᠷᠥᠯ ᠵᠢᠴᠢ ᠣᠯᠠᠨ ᠲᠦᠮᠡᠨ ᠤ ᠮᠡᠳᠡᠷᠡᠮᠵᠢ ᠶᠢᠨ ᠬᠡᠮᠵᠢᠶ᠎ᠡ ᠪᠠᠷ ᠥᠨᠳᠥᠷ᠂ ᠨᠡᠶᠢᠲᠡ ᠶᠢᠨ ᠠᠰᠠᠷᠠᠮᠵᠢ ᠶᠢᠨ | ᠴᠢᠨᠠᠷ ᠢᠶᠠᠷ ᠴᠢᠩᠭ᠎ᠠ ᠠᠵᠢᠯ ᠲᠥᠷᠥᠯ ᠤᠨ ᠨᠡᠶᠢᠭᠡᠮᠯᠢᠭ᠂ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠨᠡᠶᠢᠭᠡᠮ ᠤᠨ | ᠵᠣᠬᠢᠶᠠᠨ ᠪᠠᠶᠢᠭᠤᠯᠤᠯᠲᠠ ᠲᠠᠢ ᠬᠤᠯᠪᠣᠭᠠᠯᠠᠨ᠂ ᠬᠡᠷ ᠪᠦᠯᠢ ᠳᠤ ᠬᠠᠨᠳᠤᠭᠤᠯᠤᠨ ᠡᠷᠡᠭᠦᠯ ᠮᠡᠨᠳᠦ ᠶᠢᠨ ᠦᠢᠯᠡᠴᠢᠯᠡᠭᠡ | ᠬᠠᠩᠭᠠᠵᠤ᠂ ︽ᠡᠷᠡᠭᠦᠯ ᠡᠩᠬᠡ ᠲᠡᠮᠡᠭᠡᠲᠦ ᠨᠤᠲᠤᠭ᠂ ᠡᠷᠡᠭᠦᠯ ᠡᠩᠬᠡ ᠬᠡᠷ ᠪᠦᠯᠢ︾ ᠶᠢᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠡᠯ᠎ᠡ ᠬᠤᠰᠢᠭᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠤᠯ ᠤᠳᠤᠷᠢᠳᠤᠯᠭ᠎ᠠ᠂ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶ | ᠶᠢᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠬᠡᠷ ᠪᠦᠯᠢ ᠶᠢᠨ ᠡᠷᠡᠭᠦᠯ ᠮᠡᠨᠳᠦ ᠶᠢ | ᠠᠬᠢᠭᠤᠯᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠡᠷ ᠪᠦᠯᠢ ᠶᠢᠨ ᠡᠷᠡᠭᠦᠯ ᠮᠡᠨᠳᠦ ᠶᠢ | ᠠᠬᠢᠭᠤᠯᠬᠤ ᠠᠵᠢᠯᠯᠠᠭ᠎ᠠ ᠶᠢᠨ ᠲᠥᠷᠥᠯ ᠵᠦᠢᠯ ᠤᠨ ᠥᠷᠨᠢᠯᠲᠡ ᠶᠢ ᠪᠥᠬᠦ ᠲᠠᠯ᠎ᠠ ᠪᠠᠷ ᠵᠣᠬᠢᠴᠠᠭᠤᠯᠵᠤ᠂ ᠲᠥᠷᠥᠯ | ᠵᠦᠢᠯ ᠤᠨ ᠠᠵᠢᠯ ᠤᠨ ᠪᠠᠶᠢᠳᠠᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ ᠦᠨᠡᠯᠡᠨ ᠵᠢᠱᠢᠵᠦ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ᠠᠶᠢᠮᠠᠭ ᠤᠨ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ | ᠵᠣᠯᠭᠠᠭᠤᠯᠤᠨ ᠨᠡᠪᠲᠡᠷᠡᠯᠴᠡᠬᠦ ᠬᠡᠷᠡᠭᠲᠡᠶ᠃ ᠡᠯ᠎ᠡ ᠲᠥᠷᠥᠯ ᠵᠦᠢᠯ ᠤᠨ ᠬᠤᠯᠪᠣᠭᠳᠠᠯ ᠪᠦᠬᠦᠢ ᠨᠢᠭᠡᠴᠡ ᠨᠦᠭᠦᠳ | ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠲᠥᠷᠥᠯ | ᠵᠦᠢᠯ ᠤᠨ ᠠᠳᠠᠯᠢ ᠪᠤᠰᠤ ᠭᠤᠭᠴᠤᠭ᠎ᠠ ᠳᠤ ᠴᠢᠬᠤᠯᠠ ᠪᠦᠬᠦᠢ ᠳᠡᠮᠵᠢᠯᠭᠡ ᠪᠠ ᠬᠠᠪᠰᠤᠷᠤᠯᠭ᠎ᠠ ᠬᠠᠩᠭᠠᠵᠤ᠂ ᠲᠥᠷᠥᠯ | ᠵᠦᠢᠯ ᠢ ᠬᠡᠷᠡᠭᠵᠢᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ︵ᠬᠤᠶᠠᠷ︶ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠪᠠᠨ ᠴᠢᠩᠭᠠᠳᠬᠠᠨ᠎ᠠ | ᠪᠦᠷᠢᠨ ᠲᠡᠭᠦᠯᠳᠡᠷ ᠲᠥᠷᠥᠯ ᠵᠦᠢᠯ ᠳᠤ ᠬᠢᠨᠠᠯᠲᠠ ᠲᠠᠯᠪᠢᠬᠤ᠂ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ | ᠲᠥᠷᠥᠯ ᠵᠦᠢᠯ ᠳᠤ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠵᠢᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠲᠦᠷᠦᠭᠦᠯᠡᠨ᠂ | ᠲᠣᠭᠲᠠᠮᠠᠯ ᠬᠤᠭᠤᠴᠠᠭ᠎ᠠ ᠲᠠᠢ ᠪᠠᠷ ᠲᠥᠷᠥᠯ ᠵᠦᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠲᠥᠷᠥᠯ | ᠵᠦᠢᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠬᠠᠮᠢᠶᠠᠷᠣᠨ | ᠬᠢᠨᠠᠵᠦ᠂ ᠲᠥᠷᠥᠯ ᠵᠦᠢᠯ ᠤᠨ ᠡᠯ᠎ᠡ ᠠᠯᠬᠤᠮ ᠳᠠᠷᠠᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ ᠦᠢᠯᠡᠴᠢᠯᠡᠬᠦ | ᠡᠲᠡᠭᠡᠳ ᠤᠨ ᠠᠰᠢᠭ ᠬᠦᠷᠲᠡᠭᠰᠡᠨ ᠪᠠᠶᠢᠳᠠᠯ ᠢ ᠦᠨᠡᠯᠡᠨ ᠵᠢᠱᠢᠬᠦ ᠶᠢᠨ ᠬᠠᠮᠲᠤ ᠲᠠᠷᠠᠭᠠᠴᠢ ᠶᠢᠨ ᠱᠠᠲᠤᠨ ᠤ ᠠᠵᠢᠯ ᠢ | ᠵᠢᠯᠣᠭᠤᠳᠤᠨ᠎ᠠ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠨ᠎ᠡ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠲᠧᠯᠸᠢᠰ᠂ ᠰᠣᠨᠢᠨ᠂ ᠰᠦᠯᠵᠢᠶ᠎ᠡ᠂ ᠰᠣᠨᠢᠨ | ᠮᠡᠳᠡᠭᠡᠨ ᠤ ᠵᠠᠭᠤᠴᠢᠯᠠᠭᠤᠷ ᠵᠡᠷᠭᠡ ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷ ᠪᠦᠯᠢ ᠶᠢᠨ | ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠪᠠ ᠠᠵᠢᠯᠯᠠᠭ᠎ᠠ ᠶᠢᠨ ᠪᠠᠶᠢᠳᠠᠯ ᠢ | ᠥᠷᠭᠡᠨ ᠢᠶᠠᠷ ᠤᠬᠠᠭᠤᠯᠵᠤ᠂ ᠠᠵᠢᠯ ᠤᠨ ᠲᠤᠷᠰᠢᠯᠭ᠎ᠠ ᠪᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳ᠋ᠦᠩᠨᠡᠨ᠂ | ᠲᠥᠷᠥᠯ ᠵᠦᠢᠯ ᠤᠨ ᠠᠵᠢᠯ ᠢ ᠬᠡᠷᠡᠭᠵᠢᠭᠦᠯᠬᠦ ᠵᠢᠴᠢ ᠲᠤᠷᠰᠢᠯᠭ᠎ᠠ ᠶᠢ ᠳᠡᠯᠭᠡᠷᠡᠭᠦᠯᠬᠦ ᠳᠤ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ ᠭᠡᠷ ᠪᠦᠯᠢ ᠶᠢᠨ ᠡᠷᠡᠭᠦᠯ | ᠮᠡᠨᠳᠦ ᠶᠢᠨ ᠵᠢᠭᠠᠨ ᠵᠢᠯᠣᠭᠤᠳᠣᠭᠴᠢ ᠶᠢᠨ ᠡᠩᠨᠡᠭᠡ ᠪᠠ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠡᠷᠡᠭ | ᠡᠷᠬᠢᠯᠡᠭᠴᠢ ᠶᠢᠨ ᠪᠦᠷᠢᠯᠳᠦᠬᠦᠨ ᠨᠢᠭᠡᠴᠡ ᠪᠠ ᠨᠡᠶᠢᠭᠡᠮ ᠤᠨ ᠡᠯ᠎ᠡ ᠡᠲᠡᠭᠡᠳ ᠲᠤ ᠲᠦᠰᠢᠭᠯᠡᠨ᠂ ᠤᠬᠠᠭᠤᠯᠵᠤ | ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠷᠢᠶ᠎ᠠ ᠣᠷᠣᠨ ᠤ ᠭᠡᠷ ᠪᠦᠯᠢ ᠳᠤ ᠲᠥᠷᠥᠯ ᠵᠦᠢᠯ ᠤᠨ | ᠠᠵᠢᠯᠯᠠᠭ᠎ᠠ ᠶᠢ ᠣᠶᠢᠯᠠᠭᠠᠭᠤᠯᠵᠤ᠂ ᠳᠡᠮᠵᠢᠵᠦ᠂ ᠣᠷᠣᠯᠴᠠᠭᠤᠯᠵᠤ᠂ ᠭᠡᠷ ᠪᠦᠯᠢ ᠶᠢᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠲᠥᠪ ᠤᠨ ᠰᠠᠭᠤᠷᠢᠨ ᠭᠠᠵᠠᠷ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠣᠯᠠᠨ ᠲᠦᠮᠡᠨ ᠤ | ᠣᠷᠣᠯᠴᠠᠬᠤ ᠬᠡᠮᠵᠢᠶ᠎ᠡ ᠪᠠ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ︵ᠲᠦᠷᠪᠡ︶ ᠲᠦᠷᠦᠯ ᠵᠦᠢᠯ ᠤᠨ ᠵᠠᠷᠤᠳᠠᠯ ᠢ ᠪᠠᠳᠣᠯᠠᠨ᠎ᠠ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠥᠯᠥᠪᠯᠡᠭᠡᠲᠦ | ᠦᠷᠡᠵᠢᠯ ᠤᠨ ᠨᠡᠶᠢᠭᠡᠮᠯᠢᠭ ᠤᠨ ᠲᠥᠷᠥᠯ ᠵᠦᠢᠯ ᠤᠨ ᠪᠡᠯᠡ ᠮᠥᠩᠭᠦ ᠶᠢ ᠳᠣᠷᠣᠭᠰᠢ ᠰᠠᠯᠭᠠᠨ ᠥᠭᠭᠦᠭᠰᠡᠨ ᠰᠠᠭᠤᠷᠢᠨ | ᠳᠡᠭᠡᠷ᠎ᠡ᠂ ᠲᠤᠰ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠢᠵᠢ ᠪᠦᠷᠢᠳᠦᠭᠦᠯᠬᠦ ᠪᠡᠯᠡ ᠮᠥᠩᠭᠦ ᠶᠢ | ᠢᠳᠡᠪᠬᠢᠲᠡᠢ ᠴᠢᠷᠮᠠᠶᠢᠨ ᠣᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ᠂ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠴᠢᠬᠤᠯᠠ ᠪᠦᠬᠦᠢ ᠵᠠᠷᠤᠳᠠᠯ ᠢ ᠪᠠᠲᠤᠯᠠᠵᠤ᠂ ᠭᠡᠷ | ᠪᠦᠯᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠪᠠᠷᠢᠮᠵᠢᠶ᠎ᠠ ᠪᠠ ᠲᠥᠷᠥᠯ ᠵᠦᠢᠯ ᠤᠨ ᠬᠡᠪ ᠤᠨ ᠠᠵᠢᠯᠯᠠᠭᠠᠨ ᠳᠤ ᠨᠡᠶᠢᠴᠡᠬᠦ ᠶᠢ ᠦᠨᠡᠨᠬᠦ ᠪᠠᠲᠤᠯᠠᠨ᠎ᠠ᠃ ᠡᠭᠦᠨ ᠤ | ᠬᠠᠮᠲᠤ ᠬᠡᠷᠡᠭ ᠡᠷᠬᠢᠯᠡᠭᠴᠢᠳ ᠤᠨ ᠪᠦᠷᠢᠯᠳᠦᠬᠦᠨ ᠨᠢᠭᠡᠴᠡ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠬᠠᠮᠲᠤᠪᠠᠷ ᠣᠷᠣᠯᠴᠠᠭᠤᠯᠵᠤ᠂ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠵᠦ᠂ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ︵ᠲᠠᠪᠤ︶ ᠳ᠋ᠦᠩᠨᠡᠨ ᠳᠡᠯᠭᠡᠷᠡᠭᠦᠯᠬᠦ ᠶᠢ ᠴᠢᠬᠤᠯᠠᠴᠢᠯᠠᠨ᠎ᠠ | ᠦᠷ᠎ᠡ ᠪᠦᠲᠦᠮᠵᠢ ᠶᠢ ᠬᠡᠮᠵᠢᠶᠡᠵᠢᠭᠦᠯᠵᠦ᠂ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠪᠠᠷ ᠳᠠᠮᠵᠢᠭᠤᠯᠤᠨ᠂ | ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠣᠨ ᠤ ᠲᠥᠷᠥᠯ | ᠵᠦᠢᠯ ᠤᠨ ᠠᠵᠢᠯ ᠤᠨ ᠳ᠋ᠦᠩᠨᠡᠯᠲᠡ ᠶᠢ ᠪᠢᠴᠢᠵᠦ᠂ ᠰᠣᠯᠢᠯᠴᠠᠭᠠᠨ ᠤ ᠳ᠋ᠦᠩᠨᠡᠯᠲᠡ ᠶᠢᠨ ᠬᠤᠷᠠᠯ ᠬᠤᠷᠠᠯᠳᠤᠭᠤᠯᠵᠤ᠂ | ᠪᠣᠳᠠᠲᠠᠶ ᠳᠤ ᠨᠡᠶᠢᠴᠡᠭᠰᠡᠨ᠂ ᠯᠠᠪᠯᠠᠯᠲᠠ ᠪᠣᠯᠭᠠᠬᠤᠶᠢᠴᠠ᠂ ᠦᠷᠭᠦᠯᠵᠢᠯᠡᠨ ᠬᠥᠭᠵᠢᠭᠦᠯᠬᠦ ᠲᠥᠷᠥᠯ ᠵᠦᠢᠯ ᠤᠨ | ᠲᠤᠷᠰᠢᠯᠭ᠎ᠠ ᠪᠠ ᠵᠠᠭᠪᠤᠷ ᠢ ᠬᠠᠶᠢᠨ ᠰᠦᠪᠡᠭᠴᠢᠯᠡᠵᠦ ᠪᠣᠯᠤᠨ᠎ᠠ᠃ | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | |