ᠨᠢᠭᠡ᠂ ᠨᠡᠶᠢᠲᠡᠯᠡᠭᠰᠡᠨ ᠠᠬᠤᠶ ᠪᠠᠶᠢᠳᠠᠯ | ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ ᠬᠤᠭᠤᠴᠠᠭᠠᠨ ᠤ | ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠳᠤ᠂ ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ | ᠠᠵᠢᠯ ᠢ ᠰᠠᠶᠢᠲᠤᠷ ᠬᠢᠵᠦ᠂ ᠵᠣᠬᠢᠬᠤ ᠨᠠᠰᠤᠨ ᠤ ᠤᠷᠤᠭᠯᠠᠵᠤ ᠬᠥᠩᠭᠡᠵᠢᠬᠦ᠂ ᠰᠢᠯᠢᠳᠡᠭ ᠲᠥᠷᠥᠵᠦ ᠲᠣᠷᠨᠢᠭᠤᠨ | ᠥᠰᠬᠡᠬᠦ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠦᠶ᠎ᠡ ᠶᠢᠨ ᠦᠶ᠎ᠡ ᠡᠶ᠎ᠡ ᠵᠣᠬᠢᠴᠠᠯ ᠲᠠᠢ ᠣᠷᠤᠭ | ᠬᠤᠷᠢᠮ ᠤᠨ ᠦᠵᠡᠯᠲᠡ᠂ ᠬᠡᠷ ᠪᠦᠯᠢ ᠶᠢᠨ ᠦᠵᠡᠯᠲᠡ ᠶᠢ ᠤᠯᠠᠮᠵᠢᠯᠠᠬᠤ ᠬᠡᠷᠡᠭᠲᠡᠶ ᠭᠡᠵᠦ ᠳᠣᠭᠳᠠᠭᠠᠪᠠ᠃ ᠬᠡᠷ | ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠨ ᠤ ᠠᠶᠢᠮᠠᠭ ᠤᠨ ᠬᠡᠷ | ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ | ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠵᠦ ᠬᠡᠷ ᠪᠦᠯᠢ ᠶᠢᠨ ᠡᠷᠡᠭᠦᠯ ᠮᠡᠨᠳᠦ ᠶᠢ | ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ ᠳᠤᠮᠳᠠᠳᠤ ᠤᠯᠤᠰ ᠤᠨ ᠲᠥᠯᠥᠪᠯᠡᠭᠡᠲᠦ ᠦᠷᠡᠵᠢᠯ ᠤᠨ | ᠨᠡᠶᠢᠭᠡᠮᠯᠢᠭ ᠤᠨ ᠬᠡᠷᠡᠭᠵᠢᠭᠦᠯᠬᠦ ᠰᠠᠨᠠᠯ︾ ︵ᠳᠦᠷᠦ ᠡᠷᠡᠭᠦᠯ ᠬᠠᠮᠠᠭᠠᠯᠠᠯ ᠬᠥᠮᠦᠨ ᠠᠮᠠ ᠲᠠᠷᠬᠠᠭᠠᠭᠰᠠᠨ | ︹2019︺ 53 ᠳ᠋ᠤᠭᠠᠷ ᠲᠣᠭᠠᠲᠤ︶᠂ ︽ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠬᠦ ᠲᠤᠬᠠᠶ ᠳᠤᠮᠳᠠᠳᠤ ᠤᠯᠤᠰ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠮᠡᠳᠡᠭᠳᠡᠯ︾ ︵ᠳᠦᠷᠦ | ᠳᠦᠯᠦᠪᠯᠡᠭᠡᠳᠦ ᠦᠷᠡᠵᠢᠯ ᠠᠯᠪᠠᠨ ︹2020︺ 18 ᠳ᠋ᠤᠭᠠᠷ ᠲᠣᠭᠠᠲᠤ︶᠂ ︽ᠨᠢᠯᠬ᠎ᠠ ᠬᠡᠤᠬᠡᠳ ᠢ ᠬᠠᠷᠠᠭᠠᠯᠵᠠᠨ | ᠠᠰᠠᠷᠠᠬᠤ ᠵᠢᠴᠢ ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡᠲᠦ ᠦᠷᠡᠵᠢᠯ ᠤᠨ | ᠨᠡᠶᠢᠭᠡᠮᠯᠢᠭ ᠤᠨ ᠮᠡᠳᠡᠭᠳᠡᠯ︾ ︵ᠥᠪᠥᠷ ᠡᠷᠡᠭᠦᠯ ᠬᠥᠮᠦᠨ ᠠᠮᠠ ᠥᠰᠥᠭ ︹2020︺ 96 ᠳ᠋ᠤᠭᠠᠷ ᠲᠣᠭᠠᠲᠤ︶ | ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠠᠱᠠ ᠠᠶᠢᠮᠠᠭ ᠤᠨ ᠬᠡᠷ ᠪᠦᠯᠢ ᠶᠢᠨ ᠡᠷᠡᠭᠦᠯ | ᠮᠡᠨᠳᠦ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠬᠤᠶᠠᠷ᠂ ᠠᠵᠢᠯ ᠤᠨ ᠬᠠᠷᠠᠯᠲᠠ | ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ᠬᠥᠮᠦᠨ ᠠᠮᠠ ᠶᠢᠨ ᠤᠷᠲᠤ ᠬᠤᠭᠤᠴᠠᠭᠠᠨ ᠤ | ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠤᠯᠤᠰ ᠤᠨ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠂ ᠥᠪᠥᠷ ᠮᠣᠩᠭᠤᠯ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ | ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ | ᠠᠯᠠᠱᠠ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠣᠨ ᠤᠳᠤᠷᠢᠳᠬᠤ᠂ ᠨᠡᠶᠢᠭᠡᠮ | ᠣᠷᠣᠯᠴᠠᠬᠤ᠂ ᠣᠯᠠᠨ ᠲᠦᠮᠡᠨ ᠳᠤ ᠠᠰᠢᠭ ᠬᠦᠷᠲᠡᠭᠡᠬᠦ ︽ᠠᠶᠢᠮᠠᠭ᠂ ᠬᠤᠰᠢᠭᠤ ︵ᠣᠷᠣᠨ︶᠂ ᠰᠤᠮᠤ ᠪᠠᠯᠭᠠᠰᠤ ︵ | ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶︾ ᠳᠥᠷᠪᠡᠨ ᠱᠠᠲᠤ ᠬᠤᠯᠪᠣᠭᠠᠯᠠᠨ | ᠬᠥᠳᠡᠯᠦᠯᠴᠡᠭᠰᠡᠨ ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯ ᠤᠨ ᠲᠣᠭᠲᠠᠴᠠ ᠶᠢ ᠬᠠᠶᠢᠨ | ᠰᠦᠪᠡᠭᠴᠢᠯᠡᠨ᠎ᠡ᠃ ᠣᠯᠠᠨ ᠡᠰᠢᠵᠢᠭᠰᠡᠨ ᠦᠢᠯᠡᠴᠢᠯᠡᠭᠡ ᠪᠠᠷ ᠳᠠᠮᠵᠢᠭᠤᠯᠤᠨ᠂ ᠭᠡᠷ ᠪᠦᠯᠢ ᠶᠢ ᠬᠥᠲᠥᠯᠥᠨ | ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠲᠤᠰ ᠪᠡᠶ᠎ᠡ ᠪᠣᠯᠤᠨ ᠭᠡᠷ | ᠪᠦᠯᠢ ᠶᠢᠨ ᠣᠨᠴᠠᠯᠢᠭ ᠲᠤ ᠨᠡᠶᠢᠴᠡᠭᠰᠡᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠡᠷᠡᠭᠦᠯ | ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠪᠣᠬᠢᠷᠲᠤᠯ ᠦᠭᠡᠶ ᠠᠮᠢᠳᠤᠷᠠᠯ ᠤᠨ ᠣᠷᠴᠢᠨ ᠠᠬᠤᠶ ᠶᠢ ᠪᠣᠶ | ᠪᠣᠯᠭᠠᠬᠤ ᠶᠢ ᠠᠬᠢᠭᠤᠯᠬᠤ ᠶᠢᠨ ᠬᠠᠮᠳᠣ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ | ᠪᠦᠷᠢᠳᠦᠭᠦᠯᠬᠦ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠰᠠᠨᠠᠭᠠᠴᠢᠯᠠᠵᠤ᠂ ᠦᠷᠡᠵᠢᠯ ᠤᠨ ᠨᠡᠶᠢᠭᠡᠮ ᠤᠨ | ᠥᠷᠲᠡᠭ ᠢ ᠬᠦᠨᠳᠦᠳᠬᠡᠵᠦ᠂ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠯᠲᠡ ᠬᠢᠭᠡᠳ ᠭᠡᠷ ᠪᠦᠯᠢ ᠶᠢᠨ ᠡᠶ᠎ᠡ | ᠵᠣᠬᠢᠴᠠᠯ ᠵᠣᠯ ᠵᠢᠷᠭᠠᠯ ᠢ ᠠᠬᠢᠭᠤᠯᠤᠨ᠎ᠠ᠃ | ᠭᠤᠷᠪᠠ᠂ ᠭᠤᠣᠯ ᠡᠭᠦᠷᠭᠡ | 1. ᠭᠡᠷ ᠪᠦᠯᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ | 2. ᠬᠡᠷ ᠪᠦᠯᠢ ᠶᠢᠨ ᠡᠷᠡᠭᠦᠯ ᠮᠡᠨᠳᠦ ᠶᠢᠨ ᠵᠢᠭᠠᠨ ᠵᠢᠯᠣᠭᠤᠳᠣᠭᠴᠢ ᠶᠢᠨ ᠡᠩᠨᠡᠭᠡ ᠶᠢ ᠪᠠᠶᠢᠭᠤᠯᠤᠨ᠎ᠠ | 3 . ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠭᠡᠷ ᠪᠦᠯᠢ ᠶᠢᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠎ᠡ | 4 . ᠴᠢᠬᠢᠷᠠᠭ ᠳᠦᠷᠦᠵᠦ ᠲᠤᠷᠨᠢᠭᠤᠨ ᠦᠰᠬᠡᠬᠦ ᠶᠢ ᠰᠠᠨᠠᠭᠠᠴᠢᠯᠠᠵᠤ᠂ ᠬᠡᠤᠭᠡᠳ ᠤᠨ ᠡᠷᠡᠭᠦᠯ ᠮᠡᠨᠳᠤ ᠪᠠᠷ | ᠦᠰᠦᠨ ᠪᠤᠶᠢᠵᠢᠬᠤ ᠶᠢ ᠠᠬᠢᠭᠤᠯᠣᠨ᠎ᠠ | 5. ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠥᠷᠨᠢᠭᠦᠯᠵᠦ᠂ ᠭᠡᠷ ᠪᠦᠯᠢ ᠶᠢᠨ ᠠᠮᠢᠳᠤᠷᠠᠯ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ | 6. ᠢᠳᠡᠷ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠥᠷᠨᠢᠭᠦᠯᠵᠦ᠂ ᠡᠷᠡᠭᠦᠯ ᠡᠩᠬᠡ | ᠨᠠᠰᠤᠵᠢᠯ ᠢ ᠠᠬᠢᠭᠤᠯᠤᠨ᠎ᠠ | 7 . ᠦᠷᠭᠡᠨ ᠢᠶᠠᠷ ᠣᠬᠠᠭᠤᠯᠬᠤ ᠪᠠ ᠨᠠᠶᠢᠭᠡᠮ ᠢᠶᠠᠷ ᠲᠠᠶᠢᠴᠢᠯᠠᠵᠤ᠂ ᠬᠡᠷ ᠪᠦᠯᠢ ᠶᠢᠨ ᠡᠷᠠᠭᠦᠯ ᠮᠠᠨᠲᠤ ᠶᠢ | ᠰᠣᠷᠳᠠᠯᠴᠢᠯᠠᠭᠰᠠᠨ ᠨᠠᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ | ᠳᠥᠷᠪᠡ᠂ ᠠᠵᠢᠯ ᠤᠨ ᠳᠣᠪᠣᠶᠢᠮ᠎ᠠ ᠠᠮᠵᠢᠯᠳᠠ | ᠨᠡᠶᠢᠭᠡᠮ ᠲᠣᠭᠤᠷᠢᠭ ᠤᠨ ᠠᠵᠢᠯᠯᠠᠭᠠᠨ ᠤ ᠲᠥᠪ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠭᠡᠰᠢᠭᠦᠳ ᠤᠨ ᠭᠡᠷ ᠪᠦᠯᠢ᠂ ᠡᠬᠡ | ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ | ᠦᠢᠯᠡᠴᠢᠯᠡᠭᠡᠨ ᠤ ᠥᠷᠲᠡᠭᠡ ᠵᠡᠷᠭᠡ ᠳᠤ ᠲᠦᠰᠢᠭᠯᠡᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠦᠢᠯᠡᠴᠢᠯᠡᠭᠡ ᠶᠢ | ᠵᠢᠷᠤᠮᠵᠢᠭᠤᠯᠬᠤ ᠪᠠᠷ ᠳᠠᠮᠵᠢᠭᠤᠯᠤᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠨᠢᠯᠬ᠎ᠠ ᠬᠡᠦᠬᠡᠳ ᠤᠨ | ᠬᠥᠮᠦᠵᠢᠯ᠂ ᠵᠠᠯᠠᠭᠤ ᠨᠠᠰᠤᠨ ᠤ ᠡᠷᠡᠭᠦᠯ ᠮᠡᠨᠳᠦ᠂ ᠤᠷᠤᠭᠯᠠᠵᠤ ᠬᠥᠩᠭᠡᠵᠢᠬᠦ ᠬᠥᠮᠦᠵᠢᠯ᠂ ᠢᠳᠡᠷ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠥᠮᠦᠵᠢᠯ ᠢ ︽ᠭᠡᠷ ᠪᠦᠯᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠲᠥᠪ︾ ᠬᠠᠮᠤᠷᠴᠤ᠂ ᠭᠡᠷ ᠪᠦᠯᠢ ᠳᠤ ᠳᠥᠭᠦᠮ ᠳᠥᠲᠡ᠂ ᠲᠦᠷᠭᠡᠨ᠂ ᠠᠮᠤᠷ ᠲᠦᠪᠰᠢᠨ᠂ ᠨᠠᠶᠢᠳᠠᠪᠤᠷᠢᠲᠠᠶ ᠡᠷᠡᠭᠦᠯ | ᠮᠡᠨᠳᠦ ᠶᠢᠨ ᠤᠬᠠᠭᠤᠯᠭ᠎ᠠ ᠶᠢᠨ ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠪᠣᠯᠤᠮᠵᠢᠲᠤ | ᠴᠢᠨᠠᠷ ᠢ ᠠᠬᠢᠭᠤᠯᠤᠨ᠂ ᠪᠥᠬᠦ ᠠᠷᠠᠳ ᠤᠨ ᠡᠷᠡᠭᠦᠯ ᠮᠡᠨᠳᠦ ᠳᠤ ᠨᠠᠩ ᠰᠠᠶᠢᠨ ᠦᠢᠯᠡᠴᠢᠯᠡᠭᠡ ᠬᠠᠩᠭᠠᠨ᠎ᠠ᠃ | ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ᠂ ᠰᠡᠳᠬᠢᠴᠡ᠂ ᠰᠤᠷᠭᠠᠨ ᠬᠥᠮᠦᠵᠢᠯ᠂ ᠬᠠᠤᠯᠢ ᠴᠠᠭᠠᠵᠠ᠂ | ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠬᠥᠮᠦᠰ ᠢᠶᠠᠷ ᠪᠦᠷᠢᠯᠳᠦᠭᠰᠡᠨ ᠡᠷᠡᠭᠦᠯ ᠮᠡᠨᠳᠦ ᠶᠢᠨ ᠵᠢᠭᠠᠨ | ᠵᠢᠯᠣᠭᠤᠳᠣᠭᠴᠢ ᠶᠢᠨ ᠡᠩᠨᠡᠭᠡ ᠶᠢ ᠪᠠᠶᠢᠭᠤᠯᠬᠤ ᠶᠢᠨ ᠬᠠᠮᠲᠤ ︽ᠠᠯᠠᠱᠠ ᠠᠶᠢᠮᠠᠭ ᠤᠨ ᠬᠡᠷ ᠪᠦᠯᠢ ᠶᠢᠨ ᠡᠷᠡᠭᠦᠯ | ᠮᠡᠨᠳᠦ ᠶᠢᠨ ᠵᠢᠭᠠᠨ ᠵᠢᠯᠣᠭᠤᠳᠣᠭᠴᠢ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ ᠰᠣᠩᠭᠤᠨ ᠳᠡᠪᠰᠢᠭᠦᠯᠬᠦ᠂ | ᠪᠣᠯᠪᠠᠰᠤᠷᠠᠭᠤᠯᠬᠤ ᠪᠠ ᠬᠠᠮᠢᠶᠠᠷᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠴᠢᠬᠢᠷᠠᠭ ᠲᠥᠷᠥᠵᠦ ᠲᠤᠷᠨᠢᠭᠤᠨ | ᠥᠰᠬᠡᠬᠦ᠂ ᠢᠳᠡᠷ ᠪᠠ ᠨᠠᠰᠤᠲᠠᠶᠢᠴᠤᠳ ᠤᠨ ᠦᠷᠡᠵᠢᠯ ᠤᠨ ᠡᠷᠡᠭᠦᠯ ᠮᠡᠨᠳᠦ᠂ ᠠᠷᠬᠠᠭ ᠡᠪᠡᠳᠴᠢᠨ ᠤ ᠬᠠᠮᠢᠶᠠᠷᠤᠯᠲᠠ | ᠵᠡᠷᠭᠡ ᠲᠠᠯ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠶᠢ ᠬᠠᠮᠵᠢᠯᠴᠠᠨ | ᠥᠷᠨᠢᠭᠦᠯᠵᠦ᠂ ︽ᠠᠯᠠᠱᠠ ᠠᠶᠢᠮᠠᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠨᠡᠶᠢᠲᠡ ᠶᠢᠨ ᠭᠡᠷ᠎ᠡ︾ ᠶᠢ | ᠰᠠᠨᠠᠭᠠᠴᠢᠯᠠᠵᠤ ᠦᠢᠯᠡᠳᠦᠯᠭᠡᠵᠢᠭᠦᠯᠦᠨ᠎ᠡ᠃ | ︽ᠡᠷᠡᠭᠦᠯ ᠮᠡᠨᠳᠦ ᠶᠢᠨ ᠮᠡᠳᠡᠯᠭᠡ ᠶᠢᠨ ᠬᠢᠴᠢᠶᠡᠯ ᠤᠨ ᠲᠠᠩᠬᠢᠮ︾ ᠢ ᠥᠷᠭᠡᠨ ᠢᠶᠠᠷ ᠥᠷᠨᠢᠭᠦᠯᠵᠦ᠂ ᠳᠤᠮᠳᠠᠳᠤ | ᠤᠯᠤᠰ ᠤᠨ ᠠᠮᠢ ᠨᠠᠰᠤᠨ ᠤ ᠡᠯ᠎ᠡ ᠰᠠᠯᠪᠤᠷᠢ ᠪᠠᠶᠢᠭᠤᠯᠤᠮᠵᠢ ᠲᠠᠢ ᠬᠠᠮᠲᠤᠷᠠᠨ ︽ᠲᠥᠯᠥᠪᠯᠡᠭᠡᠲᠦ ᠦᠷᠡᠵᠢᠯ ᠤᠨ ᠬᠡᠷ | ᠪᠦᠯᠢ ᠶᠢᠨ ᠰᠢᠷᠢᠰ ᠳᠠᠭᠠᠳᠬᠠᠯ︾ ᠢ ᠭᠦᠨᠵᠡᠭᠡᠶ ᠠᠬᠢᠭᠤᠯᠵᠤ᠂ ᠡᠷᠡᠭᠦᠯ ᠮᠡᠨᠳᠦ ᠶᠢᠨ ᠮᠡᠳᠡᠯᠭᠡ ᠪᠠ ᠳᠠᠭᠠᠳᠬᠠᠯ ᠤᠨ | ᠪᠠᠲᠤᠯᠠᠭ᠎ᠠ ᠶᠢ ᠲᠦᠭ ᠲᠦᠮᠡᠨ ᠡᠷᠦᠬᠡ ᠳᠤ ᠬᠦᠷᠭᠡᠵᠦ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠣᠯᠠᠨ | ᠶᠠᠩᠵᠤ ᠣᠯᠠᠨ ᠲᠠᠰ ᠳᠠᠪᠬᠤᠷᠭ᠎ᠠ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠥᠬᠡᠶ | ᠬᠠᠩᠭᠠᠵᠤ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠲᠦᠭᠰᠢᠭᠦᠷᠢ ᠶᠢ ᠡᠰᠡᠷᠭᠦᠴᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯᠲᠠᠨ᠂ ᠭᠡᠰᠢᠭᠦᠨ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ | ᠡᠷᠡᠭᠦᠯ ᠮᠡᠨᠳᠦ ᠶᠢᠨ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠡᠷ ᠪᠦᠯᠢ ᠳᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠰᠢᠮ᠎ᠡ ᠲᠡᠵᠢᠭᠡᠯ ᠤᠨ ᠡᠷᠡᠭᠦᠯ ᠮᠡᠨᠳᠦ᠂ ᠵᠦᠶ | ᠵᠣᠬᠢᠰᠲᠠᠶ ᠬᠤᠭᠤᠯᠠᠯᠠᠬᠤ᠂ ︽ᠭᠤᠷᠪᠠ ᠶᠢ ᠬᠠᠰᠤᠵᠤ ᠭᠤᠷᠪᠠ ᠶᠢ ᠴᠢᠬᠢᠷᠠᠭᠵᠢᠭᠤᠯᠬᠤ︾᠂ ᠲᠠᠮᠠᠬᠢ ᠲᠠᠳᠠᠵᠤ | ᠠᠷᠢᠬᠢ ᠤᠤᠭᠤᠬᠤ ᠶᠢ ᠬᠢᠵᠠᠭᠠᠷᠯᠠᠬᠤ᠂ ᠰᠠᠨᠠᠭᠠᠨ ᠳᠤ ᠦᠭᠡᠢ ᠭᠡᠮᠲᠦᠯ ᠢ ᠰᠡᠷᠭᠡᠶᠢᠯᠡᠬᠦ᠂ ᠠᠷᠬᠠᠭ ᠡᠪᠡᠳᠴᠢᠨ ᠢ | ᠬᠠᠮᠢᠶᠠᠷᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠦᠨ᠎ᠡ᠃ ᠭᠡᠷ ᠪᠦᠯᠢ ᠶᠢᠨ | ᠦᠢᠯᠡᠴᠢᠯᠡᠭᠡᠨ ᠤ ᠤᠲᠠᠰᠤ ᠭᠠᠷᠭᠠᠵᠤ᠂ ᠭᠡᠷ ᠪᠦᠯᠢ ᠶᠢᠨ ᠪᠦᠷᠢᠯᠳᠦᠬᠦᠨ ᠤ ᠰᠡᠳᠬᠢᠴᠡ ᠶᠢᠨ ᠡᠷᠡᠭᠦᠯ ᠮᠡᠨᠳᠦ ᠶᠢ | ᠬᠠᠯᠠᠮᠵᠢᠯᠠᠨ᠎ᠠ᠃ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠰᠠᠭᠤᠷᠢᠨ | ᠭᠠᠵᠠᠷ ᠢᠶᠠᠷ ᠲᠠᠪᠴᠠᠩ ᠪᠣᠯᠭᠠᠵᠤ᠂ ᠴᠢᠬᠢᠷᠠᠭ ᠲᠥᠷᠥᠵᠦ ᠲᠣᠷᠨᠢᠭᠤᠨ ᠥᠰᠬᠡᠬᠦ ᠶᠢ ᠵᠢᠯᠣᠭᠤᠳᠬᠤ ᠲᠥᠪ᠂ ᠨᠡᠶᠢᠭᠡᠮ | ᠲᠣᠭᠤᠷᠢᠭ ᠤᠨ ᠬᠡᠦᠬᠡᠳ ᠤᠨ ᠲᠥᠪ᠂ ᠬᠠᠯᠠᠮᠵᠢ ᠬᠦᠷᠳᠡᠭᠡᠬᠦ ᠡᠴᠢᠭᠡ ᠡᠬᠡ ᠦᠷ᠎ᠡ ᠬᠡᠤᠬᠡᠳ ᠤᠨ ᠵᠢᠵᠢᠭ ᠦᠷᠦᠬᠡ | ᠵᠡᠷᠭᠡ ᠰᠠᠭᠤᠷᠢᠨ ᠭᠠᠵᠠᠷ ᠢ ᠢᠳᠡᠪᠬᠢᠲᠡᠶ ᠪᠠᠶᠢᠭᠤᠯᠵᠤ᠂ ᠬᠡᠤᠬᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ | ᠵᠡᠷᠭᠡ ᠲᠤᠰᠬᠠᠶ ᠮᠡᠷᠭᠡᠵᠢᠯ ᠤᠨ ᠪᠠᠶᠢᠭᠤᠯᠤᠮᠵᠢ ᠳᠤ ᠲᠦᠰᠢᠭᠯᠡᠨ᠂ ᠨᠢᠯᠬ᠎ᠠ ᠬᠡᠤᠬᠡᠳ ᠤᠨ ᠥᠰᠴᠦ ᠪᠤᠶᠢᠵᠢᠬᠤ ᠱᠠᠲᠤ | ᠦᠶ᠎ᠡ ᠶᠢᠨ ᠣᠨᠴᠠᠯᠢᠭ ᠲᠤ ᠨᠡᠶᠢᠴᠡᠭᠰᠡᠨ ᠵᠢᠭᠠᠬᠤ ᠮᠠᠲ᠋ᠧᠷᠢᠶᠠᠯ᠂ ᠬᠢᠴᠢᠶᠡᠯ ᠪᠠ ᠤᠬᠠᠭᠤᠯᠭ᠎ᠠ ᠶᠢᠨ ᠮᠠᠲ᠋ᠧᠷᠢᠶᠠᠯ ᠢ | ᠬᠠᠮᠲᠤᠷᠠᠨ ᠨᠡᠭᠡᠭᠡᠨ ᠬᠥᠭᠵᠢᠭᠦᠯᠵᠦ᠂ ᠭᠡᠷ ᠤᠨ ᠠᠬᠠᠮᠠᠳ ᠤᠨ ᠪᠣᠯᠪᠠᠰᠤᠷᠠᠭᠤᠯᠤᠯ᠂ ᠡᠴᠢᠭᠡ ᠡᠬᠡ ᠬᠡᠤᠬᠡᠳ ᠤᠨ | ᠠᠵᠢᠯᠯᠠᠭ᠎ᠠ ᠵᠡᠷᠭᠡ ᠶᠢ ᠡᠷᠬᠢᠯᠡᠵᠦ᠂ ᠬᠡᠤᠬᠡᠳ ᠤᠨ ᠬᠦᠮᠦᠵᠢᠯ ᠤᠨ ᠦᠢᠯᠡᠴᠢᠯᠡᠭᠡ ᠶᠢ ᠬᠥᠳᠡᠭᠡ ᠲᠣᠰᠬᠤᠨ᠂ ᠨᠡᠶᠢᠭᠡᠮ | ᠲᠣᠭᠤᠷᠢᠭ᠂ ᠭᠡᠷ ᠪᠦᠯᠢ ᠳᠤ ᠣᠷᠣᠭᠤᠯᠬᠤ ᠶᠢ ᠠᠬᠢᠭᠤᠯᠤᠨ᠎ᠠ᠃ | ᠢᠳᠡᠷ ᠪᠠ ᠥᠲᠡᠯᠦᠭᠡ ᠨᠠᠰᠤᠨ ᠤ ᠡᠷᠡᠭᠦᠯ ᠮᠡᠨᠳᠦ ᠶᠢ ᠬᠠᠮᠠᠭᠠᠯᠠᠬᠤ ᠬᠠᠮᠢᠶ᠎ᠠ ᠪᠦᠬᠦᠢ ᠮᠡᠳᠡᠯᠭᠡ ᠪᠠ ᠮᠡᠷᠭᠡᠵᠢᠯ | ᠴᠢᠳᠠᠪᠤᠷᠢ ᠶᠢᠨ ᠰᠤᠷᠤᠯᠴᠠᠯᠭ᠎ᠠ ᠤᠬᠠᠭᠤᠯᠭ᠎ᠠ ᠶᠢ ᠥᠷᠨᠢᠭᠦᠯᠵᠦ᠂ ᠢᠳᠡᠷ ᠪᠠ ᠨᠠᠰᠤᠲᠠᠶᠢᠴᠤᠳ ᠤᠨ ᠰᠡᠳᠬᠢᠴᠡ᠂ | ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠦᠢᠯᠡ ᠠᠵᠢᠯᠯᠠᠭ᠎ᠠ ᠶᠢᠨ ᠬᠤᠪᠢᠷᠠᠯᠲᠠ ᠶᠢᠨ ᠪᠠᠶᠢᠳᠠᠯ ᠢ ᠬᠠᠯᠠᠮᠵᠢᠯᠠᠨ | ᠬᠠᠶᠢᠷᠠᠯᠠᠬᠤ ᠬᠡᠷᠡᠭᠲᠡᠢ᠃ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠥᠲᠡᠯᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠥᠲᠡᠯᠪᠡᠯ | ᠠᠵᠢᠯᠯᠠᠭ᠎ᠠ ᠲᠠᠢ ᠪᠠᠶᠢᠬᠤ ᠶᠢ ᠠᠬᠢᠭᠤᠯᠤᠨ᠎ᠠ᠃ | ᠭᠡᠷ ᠪᠦᠯᠢ ᠶᠢᠨ ᠡᠷᠡᠭᠦᠯ ᠮᠡᠨᠳᠦ ᠶᠢᠨ ᠠᠭᠤᠯᠭ᠎ᠠ ᠶᠢ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ | ᠵᠠᠰᠠᠬᠤ ᠪᠤᠶᠤ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠬᠤ ᠶᠢ ᠵᠣᠷᠢᠭᠵᠢᠭᠤᠯᠵᠤ᠂ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ | ᠪᠡᠶ᠎ᠡ ᠳᠡᠭᠡᠨ ᠦᠢᠯᠡᠴᠢᠯᠡᠬᠦ ᠪᠣᠯᠭᠠᠵᠤ᠂ ᠡᠷᠡᠭᠦᠯ ᠡᠩᠬᠡ ᠭᠡᠷ ᠪᠦᠯᠢ ᠶᠢᠨ ᠪᠠᠶᠢᠭᠤᠯᠤᠯᠲᠠ ᠶᠢ ᠢᠳᠡᠪᠬᠢᠲᠡᠶ | ᠥᠷᠨᠢᠭᠦᠯᠦᠨ᠎ᠡ᠃ | | | ᠬᠠᠮᠢᠶ᠎ᠠ ᠪᠦᠬᠦᠢ ᠪᠢᠴᠢᠭ ᠮᠠᠲ᠋ᠧᠷᠢᠶᠠᠯ | | | |