ᠲᠦᠷᠦ ᠶᠢᠨ ᠶᠠᠪᠤᠳᠠᠯ ᠤᠨ ᠬᠤᠷᠢᠶ᠎ᠠ ︽ᠱᠧᠨᠵᠧᠨ ᠰᠢᠶᠠᠩᠭᠠᠩ ᠤᠨ ᠭᠤᠣᠯ ᠤᠨ ᠲᠣᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠣᠷᠣᠨ ᠤ ᠱᠧᠨᠵᠧᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/9/4
    ᠲᠦᠷᠦ ᠶᠢᠨ ᠶᠠᠪᠤᠳᠠᠯ ᠤᠨ ᠬᠤᠷᠢᠶ᠎ᠠ ᠲᠦᠷᠦᠭᠦᠬᠡᠨ ︽ᠱᠧᠨᠵᠧᠨ ᠰᠢᠶᠠᠩᠭᠠᠩ ᠤᠨ ᠭᠤᠣᠯ ᠤᠨ ᠲᠣᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠣᠷᠣᠨ ᠤ ᠱᠧᠨᠵᠧᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠦᠪᠵᠢᠭᠦᠯᠭᠡ︾ ︵ᠳᠣᠷᠣᠭᠰᠢ ︽ᠲᠥᠯᠦᠪᠵᠢᠭᠦᠯᠭᠡ︾ ᠭᠡᠵᠦ ᠳᠥᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠱᠧᠨᠵᠧᠨ ᠰᠢᠶᠠᠩᠭᠠᠩ ᠤᠨ ᠭᠤᠣᠯ ᠤᠨ ᠲᠣᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠣᠷᠣᠨ ᠤ ᠱᠧᠨᠵᠧᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ᠂ ᠥᠨᠳᠥᠷ ᠲᠦᠪᠰᠢᠨ ᠢᠶᠠᠷ ᠠᠬᠢᠭᠤᠯᠵᠤ᠂ ᠰᠢᠶᠠᠩᠭᠠᠩ ᠤᠨ ᠬᠦᠷᠢᠶᠡᠯᠡᠩ ᠲᠣᠭᠤᠷᠢᠭ  ᠲᠠᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠬᠥᠭᠵᠢᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠴᠢᠬᠤᠯᠠ ᠲᠤᠶᠢᠯ ᠢ ᠴᠣᠭᠴᠠᠯᠠᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠬᠥᠳᠡᠯᠭᠡᠭᠦᠷ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃     ︽ᠲᠥᠯᠦᠪᠵᠢᠭᠦᠯᠭᠡ︾ ᠳᠤ᠂ 2025 ᠣᠨ ᠪᠤᠯᠬᠤ ᠳᠤ᠂ ᠱᠧᠨᠵᠧᠨ ᠰᠢᠶᠠᠩᠭᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠥᠷ ᠪᠦᠲᠦᠮᠵᠢᠲᠡᠶ ᠬᠠᠮᠵᠢᠯᠴᠠᠬᠤ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠱᠧᠨᠵᠧᠨ ᠰᠢᠶᠠᠩᠭᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠨᠡᠭᠡᠭᠡᠯᠲᠡ ᠬᠢᠬᠦ ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠮᠵᠢ ᠣᠯᠤᠨ᠎ᠠ᠃ ᠬᠤᠸᠠᠩ ᠭᠠᠩ ᠬᠢᠯᠢ ᠶᠢᠨ ᠪᠣᠭᠤᠮᠲᠠ ᠶᠢ ᠪᠦᠬᠦᠯᠢ ᠴᠣᠭᠴᠠ ᠪᠠᠷ ᠨᠢ ᠳᠠᠭᠢᠨ ᠪᠠᠶᠢᠭᠤᠯᠬᠤ ᠶᠢ ᠪᠡᠶᠡᠯᠡᠭᠦᠯᠵᠦ᠂ ᠬᠢᠯᠢ ᠠᠯᠤᠰᠯᠠᠭᠰᠠᠨ ᠰᠠᠭᠤᠷᠢ ᠲᠥᠬᠦᠭᠡᠷᠦᠮᠵᠢ ᠶᠢ ᠬᠤᠯᠪᠣᠯᠳᠤᠨ ᠨᠡᠪᠲᠡᠷᠡᠯᠴᠡᠭᠦᠯᠵᠦ᠂ ᠥᠨᠳᠥᠷ ᠪᠦᠲᠦᠮᠵᠢᠲᠡᠶ ᠠᠵᠢᠯᠯᠠᠭᠠᠨ ᠪᠦᠬᠦᠢ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ ᠵᠠᠭᠪᠤᠷ ᠤᠨ ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃ ᠱᠧᠨᠵᠧᠨ ᠤ ᠬᠦᠷᠢᠶᠡᠯᠡᠩ ᠲᠣᠭᠤᠷᠢᠭ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠠᠵᠢᠯᠯᠠᠭ᠎ᠠ ᠪᠣᠯᠪᠠᠰᠤᠷᠠᠩᠭᠤᠢ ᠪᠣᠯᠵᠤ᠂ ᠰᠢᠶᠠᠩᠭᠠᠩ ᠤᠨ ᠬᠦᠷᠢᠶᠡᠯᠡᠩ ᠲᠣᠭᠤᠷᠢᠭ ᠯᠤᠭ᠎ᠠ ᠡᠯᠧᠮᠧᠨ᠋ᠲ ᠤᠨ ᠰᠢᠯᠵᠢᠯᠲᠡ ᠰᠠᠭᠠᠳ ᠦᠭᠡᠢ ᠨᠡᠪᠲᠡᠷᠡᠬᠦ᠂ ᠰᠢᠨ᠎ᠡ ᠶᠢ ᠡᠭᠦᠳᠬᠦ ᠬᠡᠯᠬᠢᠶ᠎ᠡ ᠠᠭᠤᠰᠤᠯᠴᠠᠨ ᠨᠡᠪᠲᠡᠷᠡᠯᠴᠡᠬᠦ᠂ ᠬᠥᠮᠥᠰ ᠤᠨ ᠰᠣᠯᠢᠯᠴᠠᠭ᠎ᠠ ᠤᠷᠤᠭᠰᠢᠲᠠᠢ ᠶᠠᠪᠤᠭᠳᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠰᠢᠶᠠᠩᠭᠠᠩ ᠵᠢᠴᠢ ᠤᠯᠠᠨ ᠤᠯᠤᠰ ᠯᠤᠭ᠎ᠠ ᠪᠦᠭᠦ ᠲᠠᠯ᠎ᠠ ᠪᠠᠷ ᠵᠣᠯᠭᠠᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠨᠢᠭᠡ ᠪᠦᠯᠦᠭ ᠰᠢᠶᠠᠩᠭᠠᠩ ᠵᠢᠴᠢ ᠤᠯᠠᠨ ᠤᠯᠤᠰ ᠤᠨ ᠳᠠᠪᠠᠭᠤᠯᠢᠭ ᠲᠠᠢ ᠰᠢᠨᠵᠢᠯᠡᠭᠡᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠯᠦᠭᠵᠢᠯ ᠪᠠ ᠭᠠᠷᠮᠠᠭᠠᠢ ᠰᠤᠳᠤᠯᠭᠠᠨ ᠤ ᠲᠥᠪ᠂ ᠣᠷᠣᠶᠢᠯᠠᠭᠰᠠᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠴᠤᠭᠯᠠᠷᠠᠭᠤᠯᠵᠤ᠂ ᠰᠢᠶᠠᠩᠭᠠᠩ ᠯᠤᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠨᠢᠭᠡ ᠪᠦᠯᠦᠭ ᠴᠢᠬᠤᠯᠠ ᠶᠡᠭᠡ ᠦᠷ᠎ᠡ ᠪᠦᠲᠦᠭᠡᠯ ᠣᠯᠣᠭᠤᠯᠤᠨ᠎ᠠ᠃ 2035 ᠣᠨ ᠪᠤᠯᠬᠤ ᠳᠤ᠂ ᠰᠢᠶᠠᠩᠭᠠᠩ ᠤᠨ ᠬᠦᠷᠢᠶᠡᠯᠡᠩ ᠲᠣᠭᠤᠷᠢᠭ ᠲᠠᠢ ᠬᠠᠮᠵᠢᠯᠴᠠᠨ ᠰᠢᠨ᠎ᠡ ᠶᠢ ᠡᠭᠦᠳᠬᠦ ᠪᠠᠶᠢᠷᠢᠰᠢᠯ ᠢ ᠪᠦᠭᠦ ᠲᠠᠯ᠎ᠠ ᠪᠠᠷ ᠪᠦᠷᠢᠯᠳᠦᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠡᠯᠡᠬᠡᠶᠢᠵᠢᠯ ᠤᠨ ᠬᠡᠮᠵᠢᠶ᠎ᠡ ᠶᠢ ᠪᠦᠭᠦ ᠪᠥᠮᠪᠥᠷᠴᠡᠭ ᠤᠨ ᠲᠡᠷᠢᠭᠦᠨ ᠪᠠᠶᠢᠷᠢᠨ ᠳᠤ ᠣᠷᠣᠭᠤᠯᠵᠤ᠂ ᠰᠢᠨ᠎ᠡ ᠶᠢ ᠡᠭᠦᠳᠬᠦ ᠡᠯᠧᠮᠧᠨ᠋ᠲ ᠢ ᠬᠢᠯᠢ ᠠᠯᠤᠰᠯᠠᠨ ᠴᠢᠯᠦᠭᠡᠲᠡᠢ ᠡᠮᠬᠢ ᠵᠢᠷᠤᠮ ᠲᠠᠢ ᠪᠠᠷ ᠰᠢᠯᠵᠢᠭᠦᠯᠵᠦ᠂ ᠨᠢᠭᠡ ᠪᠦᠯᠦᠭ ᠳᠡᠯᠡᠬᠡᠢ ᠶᠢᠨ ᠲᠡᠷᠢᠭᠦᠨ ᠤ ᠰᠢᠨ᠎ᠡ ᠶᠢ ᠡᠭᠦᠳᠬᠦ ᠠᠴᠢᠶᠠᠯᠠᠪᠤᠷᠢ ᠪᠣᠯᠣᠨ ᠣᠷᠣᠶᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠪᠣᠶᠢᠵᠢᠭᠤᠯᠵᠤ᠂ ᠳᠡᠯᠡᠬᠡᠢ ᠶᠢᠨ ᠳᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠢᠰᠦ ᠪᠤᠯᠭᠠᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠭᠤᠸᠠᠩᠵᠧᠦ ᠱᠧᠨᠵᠧᠨ ᠰᠢᠶᠠᠩᠭᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠤᠯᠭᠠᠭᠤᠷᠢᠯᠠᠨ᠎ᠠ ᠭᠡᠵᠦ ᠲᠣᠳᠣᠷᠬᠠᠶᠢᠯᠠᠪᠠ᠃     ︽ᠲᠥᠯᠦᠪᠵᠢᠭᠦᠯᠭᠡ︾ ᠨᠢ 4 ᠲᠠᠯ᠎ᠠ ᠪᠠᠷ ᠭᠤᠣᠯ ᠡᠭᠦᠷᠭᠡ ᠶᠢ ᠪᠠᠶᠢᠷᠢᠯᠠᠭᠤᠯᠵᠠᠢ᠄ ᠨᠢᠭᠡ ᠳᠤ᠂ ᠰᠢᠶᠠᠩᠭᠠᠩ ᠲᠠᠢ ᠬᠠᠮᠵᠢᠯᠴᠠᠨ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠱᠧᠨᠵᠧᠨ ᠰᠢᠶᠠᠩᠭᠠᠩ ᠬᠤᠶᠠᠷ ᠲᠠᠯ᠎ᠠ ᠶᠢᠨ ᠬᠦᠷᠢᠶᠡᠯᠡᠩ ᠲᠣᠭᠤᠷᠢᠭ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠰᠢᠶᠠᠩᠭᠠᠩ ᠣᠣᠮᠧᠨ ᠤ ᠶᠡᠭᠡ ᠳᠡᠭᠡᠳᠦ ᠰᠤᠷᠭᠠᠭᠤᠯᠢ ᠶᠢᠨ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢᠨ ᠲᠡᠰ ᠲᠡᠪᠰᠢᠯᠳᠡ ᠶᠢ ᠲᠡᠮᠵᠢᠵᠤ᠂ ᠳᠡᠯᠡᠬᠡᠢ ᠶᠢᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠬᠠᠮᠲᠤᠷᠠᠨ ᠪᠠᠶᠢᠭᠤᠯᠤᠨ᠎ᠠ᠃ ᠬᠤᠶᠠᠷ ᠲᠤ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠠᠵᠤ ᠦᠢᠯᠡᠰ ᠤᠨ ᠵᠠᠪᠰᠠᠷ ᠤᠨ ᠲᠤᠷᠰᠢᠯᠲᠠ ᠶᠢᠨ ᠣᠨᠳᠣᠣᠰᠢᠭᠤᠯᠬᠤ ᠰᠠᠭᠤᠷᠢᠨ ᠢ ᠪᠠᠶᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠰᠢᠪᠲᠤᠯᠤᠯᠲᠠ ᠬᠥᠭᠵᠢᠯᠲᠡ ᠶᠢ ᠠᠬᠢᠭᠤᠯᠵᠤ᠂ ᠲᠡᠷᠢᠭᠦᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠮᠡᠷᠭᠡᠵᠢᠯ ᠤᠨ ᠰᠢᠨ᠎ᠡ ᠶᠢ ᠡᠭᠦᠳᠴᠦ ᠬᠡᠷᠡᠭᠯᠡᠬᠦ ᠶᠢ ᠳᠡᠮᠵᠢᠵᠦ᠂ ᠵᠣᠬᠢᠶᠠᠮᠠᠯ ᠤᠶᠤᠨ ᠴᠢᠳᠠᠪᠤᠷᠢ ᠪᠣᠯᠣᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠤᠰᠢᠭᠤᠷᠠᠯ ᠬᠦᠷᠢᠶ᠎ᠡ ᠶᠢ ᠲᠦᠷᠭᠡᠨ ᠪᠠᠶᠢᠷᠢᠰᠢᠭᠤᠯᠤᠨ᠎ᠠ᠃ ᠭᠤᠷᠪᠠ ᠳᠤ᠂ ᠳᠡᠯᠡᠬᠡᠶᠢᠵᠢᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠣᠷᠣᠵᠤ ᠭᠠᠷᠬᠤ ᠳᠤ ᠲᠦᠭᠦᠮ ᠦᠵᠡᠭᠦᠯᠵᠦ᠂ ᠦᠢᠯᠡᠳᠪᠦᠷᠢᠯᠡᠯ ᠤᠨ ᠱᠤᠭᠤᠮ ᠬᠤᠪᠢᠶᠠᠨ ᠡᠳ᠋ ᠪᠠᠷᠠᠭ᠎ᠠ ᠶᠢ ᠬᠠᠮᠢᠶᠠᠷᠬᠤ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶ᠎ᠠ ᠪᠦᠬᠦᠢ ᠪᠡᠯᠡ ᠮᠥᠩᠭᠦ ᠶᠢᠨ ᠬᠢᠯᠢ ᠠᠯᠤᠰᠯᠠᠭᠰᠠᠨ ᠭᠦᠢᠯᠭᠡᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠤᠯᠠᠨ ᠤᠯᠤᠰ ᠤᠨ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢᠨ ᠬᠢᠯᠢ ᠠᠯᠤᠰᠯᠠᠭᠰᠠᠨ ᠠᠮᠤᠷ ᠲᠦᠪᠰᠢᠨ ᠡᠮᠬᠢ ᠵᠢᠷᠤᠮ ᠲᠠᠢ ᠰᠢᠯᠵᠢᠯᠲᠡ ᠶᠢ ᠰᠦᠪᠡᠭᠴᠢᠯᠡᠵᠦ᠂ ᠨᠡᠩ ᠥᠨᠳᠥᠷ ᠲᠦᠪᠰᠢᠨ ᠪᠦᠬᠦᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠲᠦᠷᠭᠡᠳᠬᠡᠨ ᠪᠠᠶᠢᠭᠤᠯᠵᠤ᠂ ᠳᠡᠭᠡᠳᠦ ᠬᠡᠮᠵᠢᠶᠡᠨ ᠤ ᠳᠥᠭᠦᠮ ᠳᠥᠲᠡ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠳᠦᠷᠢᠮ ᠢ ᠪᠠᠶᠢᠭᠤᠯᠤᠨ᠎ᠠ᠃ ᠳᠥᠷᠪᠡ ᠳᠤ᠂ ᠪᠦᠭᠦ ᠪᠥᠮᠪᠥᠷᠴᠡᠭ ᠤᠨ ᠤᠶᠤᠨ ᠤᠬᠠᠭᠠᠨ ᠢ ᠲᠥᠪᠯᠡᠷᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠤᠯᠠᠨ ᠤᠯᠤᠰ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠤᠯᠤᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠭᠠᠷᠠᠮ ᠢ ᠪᠠᠶᠢᠭᠤᠯᠵᠤ᠂ ᠪᠦᠭᠦ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠳᠡᠯᠡᠬᠡᠶᠢᠵᠢᠭᠰᠡᠨ ᠴᠢᠨᠠᠷ ᠰᠠᠶᠢᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠠᠮᠢᠳᠤᠷᠠᠯ ᠤᠨ ᠨᠡᠶᠢᠭᠡᠮ ᠲᠣᠭᠤᠷᠢᠭ ᠢ ᠪᠠᠶᠢᠭᠤᠯᠤᠨ᠎ᠠ᠃     ︽ᠲᠥᠯᠦᠪᠵᠢᠭᠦᠯᠭᠡ︾ ᠳᠤ᠂ ᠱᠧᠨᠵᠧᠨ ᠤ ᠬᠦᠷᠢᠶᠡᠯᠡᠩ ᠲᠣᠭᠤᠷᠢᠭ ᠤᠨ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠶᠡᠭᠡ ᠲᠦᠷᠦ ᠶᠢᠨ ᠪᠣᠳᠣᠯᠭ᠎ᠠ ᠪᠣᠯᠣᠨ ᠴᠢᠬᠤᠯᠠ ᠶᠡᠭᠡ ᠲᠦᠷᠦᠯ ᠵᠦᠢᠯ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠲᠠᠢ  ᠪᠠᠨ ᠤᠶᠠᠯᠳᠤᠭᠤᠯᠤᠨ ᠵᠢᠯᠤᠭᠤᠳᠬᠤ ᠪᠠ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠬᠠᠮᠲᠤᠷᠠᠯᠴᠠᠭᠠᠨ ᠤ ᠣᠷᠣᠨ ᠤ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠥᠯᠦᠪᠵᠢᠭᠦᠯᠭᠡ ᠶᠢᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠮᠥᠷᠳᠡᠨ ᠱᠠᠯᠠᠪᠳᠠᠭᠤᠯᠵᠤ᠂ ᠦᠨᠡᠯᠡᠨ ᠵᠢᠱᠢᠬᠦ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠭᠤᠸᠠᠩᠳᠦ᠋ᠩ ᠮᠤᠵᠢ ᠶᠢᠨ ᠬᠢᠨ ᠱᠧᠨᠵᠧᠨ ᠤ ᠬᠦᠷᠢᠶᠡᠯᠡᠩ ᠲᠣᠭᠤᠷᠢᠭ ᠢ ᠪᠦᠭᠦ ᠮᠤᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠬᠤᠰᠢᠭᠤᠷᠠᠯ ᠵᠢᠭᠰᠠᠭᠠᠯ ᠤᠨ ᠭᠠᠵᠠᠷ ᠪᠠ ᠲᠤᠷᠰᠢᠯᠲᠠ ᠶᠢᠨ ᠲᠠᠪᠴᠠᠩ ᠪᠤᠯᠭᠠᠵᠤ᠂ ᠡᠯ᠎ᠡ ᠵᠦᠢᠯ ᠤᠨ ᠵᠢᠯᠣᠭᠤᠳᠤᠨ ᠳᠡᠮᠵᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠱᠧᠨᠵᠧᠨ ᠬᠤᠳᠠ ᠶᠢᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠱᠧᠨᠵᠧᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号