ᠲᠥᠷᠥ ᠶᠢᠨ ᠶᠠᠪᠤᠳᠠᠯ ᠤᠨ ᠬᠤᠷᠢᠶ᠎ᠠ ︽ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠤᠯᠪᠣᠭᠳᠠᠯ ᠪᠦᠬᠦᠢ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠪᠠᠷᠢᠮᠵᠢᠶ᠎ᠠ ᠶᠢ ᠳᠡᠭᠡᠭᠰᠢᠯᠡᠭᠦᠯᠭᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/9/5
    ᠭᠡᠷ ᠪᠦᠯᠢ ᠶᠢᠨ ᠬᠡᠦᠬᠡᠳ ᠲᠦᠷᠦᠵᠦ ᠬᠥᠮᠥᠵᠢᠭᠦᠯᠬᠦ ᠪᠠ ᠨᠠᠰᠤᠲᠠᠨ ᠢᠶᠠᠨ ᠠᠰᠠᠷᠠᠨ ᠲᠡᠵᠢᠭᠡᠬᠦ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠬᠦ ᠶᠢᠨ ᠲᠥᠯᠥᠭᠡ᠂︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠲᠦᠷᠦᠭᠦᠬᠡᠨ︽ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠤᠯᠪᠣᠭᠳᠠᠯ ᠪᠦᠬᠦᠢ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠪᠠᠷᠢᠮᠵᠢᠶ᠎ᠠ ᠶᠢ ᠳᠡᠭᠡᠭᠰᠢᠯᠡᠭᠦᠯᠭᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ᠂ ᠦᠷ᠎ᠡ ᠬᠡᠦᠬᠡᠳ ᠢ ᠰᠤᠷᠭᠠᠨ ᠬᠥᠮᠥᠵᠢᠭᠦᠯᠬᠦ᠂ ᠨᠠᠰᠤᠲᠠᠨ ᠢᠶᠠᠨ ᠠᠰᠠᠷᠠᠨ ᠲᠡᠵᠢᠭᠡᠬᠦ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ ᠲᠣᠭᠲᠠᠭᠠᠪᠠ᠃ 2023 ᠣᠨ ᠤ 1 ᠰᠠᠷ᠎ᠠ ᠶᠢᠨ 1 ᠠᠴᠠ ᠡᠬᠢᠯᠡᠨ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠪᠠᠷᠢᠮᠵᠢᠶ᠎ᠠ ᠶᠢ ᠨᠢᠯᠬ᠎ᠠ ᠬᠡᠦᠬᠡᠳ ᠨᠢᠭᠡ ᠪᠦᠷᠢ ᠳᠤ ᠰᠠᠷ᠎ᠠ ᠳᠤ 1000 ᠲᠥᠭᠦᠷᠢᠭ ᠪᠠᠶᠢᠭᠰᠠᠨ ᠠᠴᠠ 2000 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠪᠠᠷᠢᠮᠵᠢᠶ᠎ᠠ ᠶᠢ ᠦᠷ᠎ᠡ ᠬᠡᠦᠬᠡᠳ ᠨᠢᠭᠡ ᠪᠦᠷᠢ ᠰᠠᠷ᠎ᠠ ᠳᠤ 1000 ᠲᠥᠭᠦᠷᠢᠭ ᠪᠠᠶᠢᠭᠰᠠᠨ ᠠᠴᠠ 2000 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠨᠠᠰᠤᠲᠠᠨ ᠢ ᠠᠰᠠᠷᠠᠨ ᠲᠡᠵᠢᠭᠡᠬᠦ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠪᠠᠷᠢᠮᠵᠢᠶ᠎ᠠ ᠶᠢ ᠰᠠᠷ᠎ᠠ ᠪᠦᠷᠢ ᠳᠤ 2000 ᠲᠥᠭᠦᠷᠢᠭ ᠪᠠᠶᠢᠭᠰᠠᠨ ᠠᠴᠠ 3000 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠂ ᠡᠭᠦᠨ ᠳᠤ ᠦᠷ᠎ᠡ ᠶᠢᠨ ᠭᠠᠭᠴᠠ ᠬᠡᠦᠬᠡᠳ ᠲᠠᠢ ᠭᠡᠷ ᠪᠦᠯᠢ ᠶᠢᠨ ᠬᠡᠦᠬᠡᠳ ᠲᠤ ᠰᠠᠷ᠎ᠠ ᠪᠦᠷᠢ ᠳᠤ 3000 ᠲᠥᠭᠦᠷᠢᠭ ᠤᠨ ᠪᠠᠷᠢᠮᠵᠢᠶ᠎ᠠ ᠪᠠᠷ ᠨᠣᠷᠮ᠎ᠠ ᠲᠣᠭᠲᠠᠭᠠᠨ ᠰᠠᠭᠤᠯᠭᠠᠨ ᠠᠪᠴᠤ᠂ ᠤᠯᠠᠨ ᠬᠡᠦᠬᠡᠳ ᠲᠠᠢ ᠭᠡᠷ ᠪᠦᠯᠢ ᠶᠢᠨ ᠬᠡᠦᠬᠡᠳ ᠤᠳ ᠲᠤ ᠰᠠᠷ᠎ᠠ ᠪᠦᠷᠢ ᠶᠢᠨ 3000 ᠲᠥᠭᠦᠷᠢᠭ ᠤᠨ ᠰᠠᠭᠤᠯᠭᠠᠨ ᠠᠪᠬᠤ ᠬᠡᠮᠵᠢᠶ᠎ᠡ ᠶᠢ ᠬᠤᠪᠢᠶᠠᠨ ᠨᠣᠭᠳᠠᠭᠤᠯᠵᠤ᠂ ᠬᠥᠮᠥᠨ ᠪᠦᠷᠢ ᠶᠢᠨ ᠨᠣᠭᠳᠠᠭᠤᠯᠬᠤ ᠲᠤᠭ᠎ᠠ ᠬᠡᠮᠵᠢᠶ᠎ᠡ ᠶᠢ ᠰᠠᠷ᠎ᠠ ᠪᠦᠷᠢ 1500 ᠲᠥᠭᠦᠷᠢᠭ ᠠᠴᠠ ᠬᠡᠲᠦᠷᠡᠭᠦᠯᠵᠦ ᠪᠤᠯᠬᠤ ᠦᠭᠡᠢ᠃ ᠮᠡᠳᠡᠭᠳᠡᠯ ᠢ ᠨᠡᠶᠢᠲᠡᠯᠡᠭᠰᠡᠨ ᠤ ᠳᠠᠷᠠᠭ᠎ᠠ᠂ ᠭᠠᠶᠢᠯᠢ ᠲᠤᠰᠢᠶᠠᠭᠴᠢ 9 ᠰᠠᠷ᠎ᠠ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠬᠤᠭᠤᠴᠠᠭᠠᠨ ᠳᠤ ᠳᠡᠭᠡᠭᠰᠢᠯᠡᠭᠦᠯᠦᠭᠰᠡᠨ ᠤ ᠳᠠᠷᠠᠭᠠᠬᠢ ᠰᠠᠭᠤᠯᠭᠠᠨ ᠠᠪᠬᠤ ᠪᠠᠷᠢᠮᠵᠢᠶ᠎ᠠ ᠪᠠᠷ ᠬᠡᠷᠡᠭᠵᠢᠭᠦᠯᠵᠦ ᠪᠣᠯᠣᠨ᠎ᠠ᠂ ᠪᠠᠰᠠ 2023 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠦᠶ᠎ᠡ ᠳᠤ ᠬᠡᠷᠡᠭᠵᠢᠭᠦᠯᠵᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号