ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠬᠢ ᠶᠢᠨ ᠳᠡᠭᠡᠭᠰᠢᠯᠡᠯᠲᠡ ᠶᠢ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/9/7
    ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠬᠢ ᠶᠢᠨ ᠳᠡᠭᠡᠭᠰᠢᠯᠡᠯᠲᠡ ᠶᠢ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠭᠦ ︽ᠬᠤᠣᠰ ᠠᠷᠪᠠ ᠵᠠᠭᠤ ᠮᠢᠩᠭ᠎ᠠ︾ ᠶᠢᠨ ᠢᠨᠵᠧᠨᠧᠷᠢᠩ ᠤᠨ ᠲᠤᠷᠰᠢᠯᠭ᠎ᠠ ᠶᠢ ᠤᠯᠠᠮ ᠴᠢᠨᠠᠭᠰᠢᠳᠠ ᠳ᠋ᠦᠩᠨᠡᠬᠦ᠂ ᠦᠢᠯᠡᠳᠦᠯᠭᠡ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠰᠢᠯᠢᠳᠡᠭ ᠦᠢᠯᠡᠴᠢᠯᠡᠭᠡ ᠬᠠᠩᠭᠠᠬᠤ ᠶᠢ ᠦᠷᠭᠦᠯᠵᠢᠯᠡᠨ ᠠᠬᠢᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠪᠦᠲᠦᠭᠡᠯᠴᠢ ᠴᠢᠨᠠᠷᠲᠠᠢ ᠭᠦᠢᠴᠡᠳᠬᠡᠬᠦ ᠦᠢᠯᠡᠳᠦᠯ ᠴᠢᠳᠠᠪᠬᠢ ᠶᠢ ᠳᠡᠭᠡᠭᠰᠢᠯᠡᠭᠦᠯᠭᠦ ᠶᠢ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠶᠢᠨ ᠬᠤᠭᠤᠴᠠᠭᠠᠨ ᠳᠤ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠭᠦ ︽ᠬᠤᠣᠰ ᠠᠷᠪᠠ ᠵᠠᠭᠤ ᠮᠢᠩᠭ᠎ᠠ︾ ᠶᠢᠨ ᠢᠨᠵᠧᠨᠧᠷᠢᠩ ᠢ ᠥᠷᠨᠢᠭᠦᠯᠵᠦ᠂ ᠨᠢᠭᠡ ᠪᠦᠯᠦᠭ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠠᠵᠢᠯ ᠶᠠᠪᠤᠳᠠᠯ ᠭᠦᠢᠴᠡᠳᠬᠡᠬᠦ ᠳᠤ ᠲᠦᠭᠵᠢᠷᠡᠯ ᠠᠰᠠᠭᠤᠳᠠᠯ ᠪᠠ ᠲᠦᠪᠡᠭᠲᠡᠢ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠨᠢᠭᠡ ᠪᠦᠯᠦᠭ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠯᠲᠡ ᠶᠢ ᠰᠢᠯᠢᠳᠡᠭᠵᠢᠭᠦᠯᠦᠨ ᠳᠡᠯᠭᠡᠷᠡᠭᠦᠯᠵᠦ᠂ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠢᠳᠡᠪᠬᠢᠲᠡᠢ ᠦᠷ᠎ᠡ ᠪᠦᠲᠦᠮᠵᠢ ᠣᠯᠪᠠ᠃︽ᠰᠠᠨᠠᠯ︾ ᠢ ᠨᠡᠶᠢᠲᠡᠯᠡᠭᠰᠡᠨ ᠵᠣᠷᠢᠯᠭ᠎ᠠ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠶᠡᠭᠡ ᠪᠠᠷ ᠳᠡᠭᠡᠭᠰᠢᠯᠡᠭᠦᠯᠭᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠰᠠᠯᠠᠭ᠎ᠠ ᠮᠥᠴᠢᠷ ᠤᠨ ᠲᠡᠷᠢᠭᠦᠨ ᠤ ᠲᠤᠷᠰᠢᠯᠭ᠎ᠠ ᠶᠢ ᠳ᠋ᠦᠩᠨᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠥᠩᠭᠡᠷᠡᠯᠲᠡ ᠠᠴᠠ ᠡᠭᠦᠰᠴᠦ᠂ ᠦᠨᠳᠦᠰᠦᠨ ᠠᠴᠠ ᠨᠢ ᠬᠠᠮᠢᠶᠠᠷᠬᠤ᠂ ᠠᠯᠤᠰ ᠭᠡᠲᠦ ᠳᠤ ᠠᠰᠢᠭᠲᠠᠢ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠭᠦ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠶᠠᠪᠤᠳᠠᠯ ᠭᠦᠢᠴᠡᠳᠬᠡᠬᠦ ᠶᠢᠨ ᠨᠠᠩ ᠣᠯᠠᠨ ᠲᠦᠭᠵᠢᠷᠡᠯ ᠠᠰᠠᠭᠤᠳᠠᠯ ᠢ ᠰᠢᠢᠳᠪᠦᠷᠢᠯᠡᠬᠦ᠂ ᠨᠠᠩ ᠣᠯᠠᠨ ᠥᠨᠳᠥᠷ ᠳᠠᠪᠲᠠᠮᠵᠢᠲᠤ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠥᠭᠡᠷᠡᠴᠢᠯᠡᠯᠲᠡ ᠶᠢᠨ ᠴᠡᠪᠡᠷ ᠠᠰᠢᠭ ᠢ ᠦᠷᠭᠦᠯᠵᠢᠯᠡᠨ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠠᠰᠢᠭ ᠬᠦᠷᠲᠡᠭᠡᠬᠦ ᠪᠣᠯᠣᠨ᠎ᠠ᠃     ︽ᠰᠠᠨᠠᠯ︾ ᠳᠤ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠦᠭᠵᠢᠷᠡᠯ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠢᠢᠳᠪᠦᠷᠢᠯᠡᠬᠦ ᠳᠤ ᠭᠢᠯᠪᠡᠷ ᠲᠦᠭᠦᠮ᠂ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠬᠤ᠂ ᠳᠦᠷᠢᠮ ᠤᠨ ᠪᠠᠲᠤᠯᠠᠭ᠎ᠠ ᠶᠢ ᠪᠦᠷᠢᠨᠰᠢᠭᠦᠯᠬᠦ ᠵᠡᠷᠭᠡ 4 ᠲᠠᠯ᠎ᠠ ᠪᠠᠷ ᠭᠤᠣᠯᠯᠠᠭᠤᠯᠤᠨ 13 ᠵᠦᠢᠯ ᠤᠨ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠢ ᠳᠤᠷᠠᠳᠪᠠ᠃ ᠡᠭᠦᠨ ᠳᠤ ᠠᠵᠢᠯ ᠶᠠᠪᠤᠳᠠᠯ ᠰᠢᠢᠳᠪᠦᠷᠢᠯᠡᠬᠦ ᠶᠢᠨ ᠲᠦᠭᠵᠢᠷᠡᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠲᠣᠭᠲᠠᠴᠠ᠂ ᠲᠦᠭᠵᠢᠷᠡᠯ ᠤᠨ ᠴᠡᠭ ᠤᠨ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠲᠣᠭᠲᠠᠴᠠ᠂ ᠥᠨᠳᠥᠷ ᠳᠠᠪᠲᠠᠮᠵᠢᠲᠤ ᠦᠢᠯᠡᠴᠢᠯᠡᠭᠡᠨ ᠤ ᠨᠠᠷᠢᠨ ᠲᠠᠩᠰᠠ ᠶᠢᠨ ᠬᠠᠮᠢᠶᠠᠷᠤᠯᠲᠠ ᠪᠠ ᠪᠢᠲᠡᠭᠦᠮᠵᠢᠯᠡᠭᠰᠡᠨ ᠰᠢᠯᠢᠳᠡᠭᠵᠢᠭᠦᠯᠬᠦ ᠲᠣᠭᠲᠠᠴᠠ᠂ ᠰᠢᠨ᠎ᠡ ᠮᠡᠷᠭᠡᠵᠢᠯ ᠤᠨ ᠬᠡᠷᠡᠭᠯᠡᠯᠲᠡ ᠶᠢᠨ ᠡᠨᠧᠷᠭᠢ ᠣᠯᠭᠤᠬᠤ ᠲᠣᠭᠲᠠᠴᠠ᠂ ᠲᠤᠷᠰᠢᠯᠭ᠎ᠠ ᠶᠢ ᠳᠡᠯᠭᠡᠷᠡᠭᠦᠯᠬᠦ ᠪᠠ ᠦᠢᠯᠡᠴᠢᠯᠡᠭᠡᠨ ᠤ ᠤᠬᠠᠭᠤᠯᠭ᠎ᠠ ᠶᠢᠨ ᠲᠣᠭᠲᠠᠴᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠢ ᠨᠢᠭᠡᠳᠦᠯᠲᠡᠢ ᠲᠥᠯᠥᠪᠵᠢᠭᠦᠯᠬᠦ ᠪᠠ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠬᠠᠮᠵᠢᠯᠴᠠᠨ ᠦᠢᠯᠡᠴᠢᠯᠡᠬᠦ ᠲᠣᠭᠲᠠᠴᠠ᠂ ᠨᠢᠭᠡ ᠴᠣᠭᠴᠠᠵᠢᠭᠤᠯᠤᠭᠰᠠᠨ ᠲᠠᠪᠴᠠᠩ ᠤᠨ ᠦᠷᠭᠦᠯᠵᠢᠯᠡᠨ ᠡᠨᠧᠷᠭᠢ ᠣᠯᠭᠤᠬᠤ ᠶᠢ ᠭᠦᠨᠵᠡᠭᠡᠶᠢᠷᠡᠭᠦᠯᠬᠦ ᠲᠣᠭᠲᠠᠴᠠ ᠵᠡᠷᠭᠡ ᠶᠢ ᠪᠠᠶᠢᠭᠤᠯᠤᠨ ᠪᠦᠷᠢᠨᠰᠢᠭᠦᠯᠬᠦ ᠪᠠᠭᠲᠠᠨ᠎ᠠ᠃     ︽ᠰᠠᠨᠠᠯ︾ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠪᠠ ᠣᠯᠠᠨ ᠲᠦᠮᠡᠨ ᠯᠦᠭᠡ ᠶᠢᠨ ᠪᠠᠶᠢᠩᠭᠤ ᠶᠢᠨ ᠴᠢᠨᠠᠷᠲᠠᠢ ᠣᠯᠣᠯᠴᠠᠨ ᠬᠤᠷᠰᠢᠯᠴᠠᠬᠤ ᠶᠢ ᠴᠢᠩᠭᠠᠳᠬᠠᠵᠤ᠂ ᠠᠵᠢᠯ ᠶᠠᠪᠤᠳᠠᠯ ᠭᠦᠢᠴᠡᠳᠬᠡᠬᠦ ᠶᠢᠨ ᠲᠦᠭᠵᠢᠷᠡᠯ ᠤᠨ ᠴᠡᠭ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤᠮᠳᠠᠬᠢ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠡᠵᠡᠮᠰᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡ ᠪᠦᠯᠦᠭ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠢ ᠨᠡᠶᠢᠲᠡᠯᠡᠬᠦ ᠠᠵᠢᠯ ᠤᠨ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠨᠠᠷᠢᠨ ᠲᠠᠩᠰᠠ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠬᠦ ᠶᠢᠨ ᠵᠡᠷᠭᠡ ᠪᠠᠷ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢᠨ ᠲᠣᠭᠤᠷᠢᠨ ᠳᠤ ᠬᠠᠮᠵᠢᠯᠴᠠᠨ ᠬᠠᠪᠰᠤᠷᠤᠯᠴᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢ ᠬᠡᠷᠡᠭᠯᠡᠳᠡᠭ ᠥᠨᠳᠥᠷ ᠳᠠᠪᠲᠠᠮᠵᠢᠲᠤ ᠦᠢᠯᠡᠴᠢᠯᠡᠭᠡ ᠶᠢ ᠦᠨᠡᠨ ᠬᠦ ︽ᠬᠡᠷᠡᠭᠯᠡᠬᠦ ᠳᠤ ᠰᠠᠶᠢᠨ︾᠂ ︽ᠬᠡᠷᠡᠭᠯᠡᠬᠦ ᠳᠤᠷᠠᠲᠠᠢ︾ ᠰᠣᠳᠣᠨ ᠦᠢᠯᠡᠴᠢᠯᠡᠭᠡ ᠪᠣᠯᠭᠠᠨ ᠪᠠᠶᠢᠭᠤᠯᠬᠤ ᠬᠡᠷᠡᠭᠲᠡᠢ᠃ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠦᠭᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠢ ᠬᠦᠢᠰᠦ ᠪᠤᠯᠬᠤ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠱᠠᠲᠤ ᠲᠠᠰ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠣᠯᠠᠨ ᠨᠡᠶᠢᠲᠡ ᠶᠢᠨ ᠲᠤᠯᠭᠠᠭᠤᠷᠢᠯᠠᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠠᠭᠤᠰᠤᠯᠴᠠᠯ ᠢ ᠭᠦᠨᠵᠡᠭᠡᠶᠢᠷᠡᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠤᠯᠢ ᠲᠣᠭᠲᠠᠭᠠᠯ ᠳᠦᠷᠢᠮ ᠪᠠ ᠪᠠᠷᠢᠮᠵᠢᠶ᠎ᠠ ᠳᠦᠷᠢᠮ ᠢ ᠳᠠᠪᠬᠤᠴᠠᠭᠤᠯᠤᠨ ᠣᠷᠣᠯᠠᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠯᠡᠨ ᠵᠢᠱᠢᠵᠦ ᠦᠨᠡᠯᠡᠬᠦ᠂ ᠲᠣᠭᠠᠴᠢᠯᠠᠭᠰᠠᠨ ᠬᠡᠪ ᠪᠣᠯᠪᠠᠰᠤᠷᠠᠯ ᠤᠨ ᠴᠢᠳᠠᠪᠤᠷᠢ ᠶᠢ ᠳᠡᠭᠡᠭᠰᠢᠯᠡᠭᠦᠯᠭᠦ ᠵᠡᠷᠭᠡ ᠲᠣᠭᠲᠠᠴᠠ ᠶᠢ ᠪᠦᠷᠢᠨᠰᠢᠭᠦᠯᠵᠦ᠂ ︽ᠨᠢᠭᠡ ᠰᠦᠯᠵᠢᠶ᠎ᠡ ᠳᠤ ᠪᠦᠭᠦᠨ ᠢ ᠭᠦᠢᠴᠡᠳᠬᠡᠬᠦ︾ ᠳᠤ ᠨᠠᠩ ᠰᠠᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠳᠤᠷᠠᠳᠪᠠ᠃     ︽ᠰᠠᠨᠠᠯ︾ ᠨᠢ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ᠂ ᠠᠷᠠᠳ ᠤᠨ ᠠᠮᠢᠳᠤᠷᠠᠯ ᠳᠤ ᠡᠷᠬᠡ ᠲᠡᠭᠰᠢ ᠲᠦᠭᠡᠮᠡᠯ ᠠᠰᠢᠭ ᠬᠦᠷᠲᠡᠭᠡᠬᠦ ᠦᠢᠯᠡᠴᠢᠯᠡᠭᠡ ᠶᠢ ᠥᠷᠭᠡᠳᠬᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢ ᠠᠬᠢᠭᠤᠯᠬᠤ᠂ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠬᠦᠷᠢᠶ᠎ᠡ ᠪᠠ ᠪᠦᠭᠦ ᠤᠯᠤᠰ ᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠥᠷᠭᠡᠳᠬᠡᠬᠦ ᠵᠡᠷᠭᠡ ᠬᠡᠮᠵᠢᠯ  ᠳᠤ ᠰᠢᠭᠤᠳ ᠬᠦᠷᠴᠦ᠂ ᠣᠷᠣᠨ ᠨᠤᠲᠤᠭ ᠤᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠭᠰᠡᠨ 57 ᠵᠦᠢᠯ ᠤᠨ ᠨᠡᠶᠢᠲᠡᠯᠢᠭ ᠲᠤᠷᠰᠢᠯᠭ᠎ᠠ ᠶᠢᠨ ᠬᠡᠷᠡᠭ ᠤᠨ ᠵᠢᠱᠢᠶ᠎ᠡ ᠶᠢ ᠡᠮᠬᠢᠯᠡᠨ ᠬᠤᠷᠢᠶᠠᠩᠭᠤᠶᠢᠯᠠᠵᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠯᠠᠪᠯᠠᠯᠲᠠ ᠪᠣᠯᠭᠠᠨ ᠲᠣᠯᠢ ᠪᠤᠯᠭᠠᠵᠤ᠂ ︽ᠨᠢᠭᠡ ᠭᠠᠵᠠᠷ ᠲᠤ ᠰᠢᠨ᠎ᠡ ᠶᠢ ᠡᠭᠦᠳᠴᠦ᠂ ᠣᠯᠠᠨ ᠭᠠᠵᠠᠷ ᠲᠤ ᠳᠠᠭᠢᠨ ᠬᠡᠷᠡᠭᠯᠡᠬᠦ︾ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠳᠡᠭᠡᠭᠰᠢᠯᠡᠯᠲᠡ ᠶᠢ ᠪᠠᠶᠢᠩᠭᠤᠵᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠪᠤᠯᠭᠠᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号