ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ | ᠤᠨ ᠨᠡᠯᠢᠶᠡᠳ ᠪᠤᠳᠤᠯᠢᠶᠠᠨᠲᠠᠢ ᠭᠠᠩ ᠤᠨ ᠪᠠᠶᠢᠳᠠᠯ ᠳᠤ ᠴᠢᠭᠯᠡᠭᠦᠯᠦᠨ᠂ ᠡᠳ᠋ ᠤᠨ ᠵᠠᠰᠠᠭ ᠤᠨ ᠶᠠᠮᠤᠨ᠂ ᠤᠰᠤᠨ | ᠠᠰᠢᠭᠯᠠᠯᠲᠠ ᠶᠢᠨ ᠶᠠᠮᠤᠨ ᠠᠴᠠ ᠮᠠᠨ ᠤ ᠣᠷᠣᠨ ᠳᠤ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ | ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ 6360 ᠲᠦᠮᠡᠨ ᠲᠥᠭᠦᠷᠢᠭ ᠤᠨ ᠪᠡᠯᠡ | ᠮᠥᠩᠭᠦ ᠪᠠᠭᠤᠯᠭᠠᠪᠠ᠃ ᠣᠳᠣᠬᠠᠨ ᠳᠤ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠶᠢ ᠨᠢᠭᠡᠨᠲᠡ ᠭᠠᠩ | ᠭᠠᠮᠰᠢᠭ ᠲᠤ ᠳᠠᠭᠠᠷᠢᠬᠳᠠᠬᠰᠠᠨ ᠡᠯ᠎ᠡ ᠠᠶᠢᠮᠠᠭ ᠬᠤᠲᠠ ᠳᠤ ᠲᠠᠷᠬᠠᠭᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠡᠨᠡ | ᠵᠢᠯ ᠤᠨ ᠬᠠᠪᠤᠷ ᠤᠨ ᠲᠠᠷᠢᠶᠠᠯᠠᠭ᠎ᠠ ᠡᠬᠢᠯᠡᠭᠰᠡᠨ ᠠᠴᠠ ᠨᠠᠭᠠᠰᠢ ᠪᠦᠭᠦ ᠣᠷᠣᠨ ᠤ ᠶᠡᠬᠡᠩᠬᠢ ᠭᠠᠵᠠᠷ ᠲᠤ ᠬᠤᠷ᠎ᠠ | ᠲᠤᠨᠳᠠᠰᠤ ᠶᠢᠨ ᠬᠡᠮᠵᠢᠶ᠎ᠡ ᠪᠠᠭ᠎ᠠ᠂ ᠳᠤᠯᠠᠭᠠᠨ ᠤ ᠬᠡᠮᠵᠢᠶ᠎ᠡ ᠥᠨᠳᠥᠷ ᠪᠠᠶᠢᠵᠤ᠂ ᠠᠳᠠᠯᠢ ᠪᠤᠰᠤ ᠬᠡᠮᠵᠢᠶᠡᠨ ᠤ ᠭᠠᠩ ᠤᠨ | ᠪᠠᠶᠢᠳᠠᠯ ᠢᠯᠡᠷᠡᠪᠡ᠃ 9 ᠰᠠᠷ᠎ᠠ ᠶᠢᠨ 4 ᠤ ᠡᠳᠦᠷ ᠪᠤᠯᠲᠠᠯ᠎ᠠ᠂ ᠪᠦᠭᠦ ᠣᠷᠣᠨ ᠤ ᠭᠠᠩ ᠭᠠᠮᠰᠢᠭ ᠲᠤ | ᠳᠠᠭᠠᠷᠢᠬᠳᠠᠬᠰᠠᠨ ᠲᠠᠯᠠᠪᠠᠶ 53.23 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠪᠦᠭᠦ ᠣᠷᠣᠨ ᠤ | ᠲᠠᠷᠢᠶᠠᠨ ᠭᠠᠵᠠᠷ ᠨᠤᠲᠤᠭ ᠪᠡᠯᠴᠢᠭᠡᠷ ᠣᠶ ᠰᠢᠭᠤᠢ ᠶᠢᠨ ᠶᠡᠷᠦᠩᠬᠡᠢ ᠲᠠᠯᠠᠪᠠᠶ ᠶᠢᠨ 53.5% ᠶᠢ ᠡᠵᠡᠯᠡᠵᠦ᠂ ᠬᠦᠨᠳᠦ | ᠭᠠᠩ ᠬᠠᠭᠰᠠᠷᠠᠭᠠᠨ ᠢᠶᠠᠷ ᠭᠤᠣᠯᠯᠠᠪᠠ᠃ ᠮᠠᠯᠵᠢᠬᠤ ᠣᠷᠣᠨ ᠤ ᠶᠡᠷᠦᠩᠬᠡᠢ ᠲᠠᠯᠠᠪᠠᠢ ᠶᠢᠨ 60% ᠭᠠᠷᠤᠢ ᠨᠢ ᠭᠠᠩ | ᠭᠠᠮᠰᠢᠭ ᠲᠤ ᠳᠠᠭᠠᠷᠢᠬᠳᠠᠵᠤ᠂ ᠬᠦᠨᠳᠦ ᠭᠠᠩ ᠬᠠᠭᠰᠠᠷᠠᠭᠠᠨ ᠢᠶᠠᠷ ᠭᠤᠣᠯᠯᠠᠵᠤ ᠪᠠᠶᠢᠨ᠎ᠠ᠃ ᠲᠠᠷᠢᠶᠠᠯᠠᠬᠤ ᠣᠷᠣᠨ ᠤ | ᠶᠡᠷᠦᠩᠬᠡᠢ ᠲᠠᠯᠠᠪᠠᠢ ᠶᠢᠨ 40% ᠭᠠᠷᠤᠢ ᠨᠢ ᠭᠠᠩ ᠭᠠᠮᠰᠢᠭ ᠲᠤ ᠳᠠᠭᠠᠷᠢᠬᠳᠠᠵᠤ᠂ ᠬᠥᠩᠭᠡᠨ ᠭᠠᠩ ᠬᠠᠭᠰᠠᠷᠠᠭᠠᠨ | ᠢᠶᠠᠷ ᠭᠤᠣᠯᠯᠠᠵᠤ ᠪᠠᠶᠢᠨ᠎ᠠ᠃ ᠰᠢᠭᠤᠶᠢᠲᠤ ᠣᠷᠣᠨ ᠤ ᠶᠡᠷᠦᠩᠬᠡᠢ ᠲᠠᠯᠠᠪᠠᠢ ᠶᠢᠨ 10% ᠣᠷᠴᠢᠮ ᠨᠢ ᠭᠠᠩ ᠭᠠᠮᠰᠢᠭ | ᠲᠤ ᠳᠠᠭᠠᠷᠢᠬᠳᠠᠵᠤ᠂ ᠬᠥᠩᠭᠡᠨ ᠭᠠᠩ ᠬᠠᠭᠰᠠᠷᠠᠭᠠᠨ ᠢᠶᠠᠷ ᠭᠤᠣᠯᠯᠠᠵᠤ ᠪᠠᠶᠢᠨ᠎ᠠ᠃ ᠡᠭᠦᠨ ᠳᠤ ᠠᠯᠠᠱᠠ ᠪᠠᠷᠠᠭᠤᠨ | ᠬᠤᠰᠢᠭᠤ᠂ ᠠᠯᠠᠱᠠ ᠵᠡᠭᠦᠨ ᠬᠤᠰᠢᠭᠤ᠂ ᠰᠥᠨᠢᠳ ᠵᠡᠭᠦᠨ ᠬᠤᠰᠢᠭᠤ᠂ ᠡᠵᠡᠨ᠎ᠡ ᠬᠤᠰᠢᠭᠤ᠂ ᠵᠡᠭᠦᠨ ᠦᠵᠦᠮᠦᠴᠢᠨ | ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠰᠥᠨᠢᠳ ᠪᠠᠷᠠᠭᠤᠨ ᠬᠤᠰᠢᠭᠤ᠂ ᠤᠷᠠᠳ ᠤᠨ ᠬᠤᠶᠢᠲᠤ ᠬᠤᠰᠢᠭᠤ᠂ | ᠠᠪᠠᠭ᠎ᠠ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠬᠠᠩᠭᠢᠨ ᠬᠤᠰᠢᠭᠤ᠂ ᠡᠷᠢᠶᠡᠨ | ᠬᠤᠲᠠ᠂ ᠬᠥᠪᠡᠭᠡᠲᠦ ᠰᠢᠷ᠎ᠠ ᠬᠤᠰᠢᠭᠤ ᠪᠣᠯᠣᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠬᠦᠨᠳᠦ ᠠᠴᠠ | ᠳᠡᠭᠡᠭᠰᠢ ᠭᠠᠩ ᠭᠠᠮᠰᠢᠭ ᠲᠤ ᠳᠠᠭᠠᠷᠢᠬᠳᠠᠪᠠ᠃ | ᠣᠳᠣᠬᠠᠨ ᠤ ᠭᠠᠩ ᠬᠠᠭᠰᠠᠷᠠᠭᠠᠨ ᠤ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ | ᠪᠣᠯᠣᠨ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ | ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠭᠠᠩ | ᠬᠠᠭᠰᠠᠷᠠᠭᠠᠨ ᠲᠠᠢ ᠲᠡᠮᠡᠴᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠳᠤᠮᠳᠠᠬᠢ ᠦᠢᠯᠡᠳᠦᠯ ᠢ ᠭᠦᠢᠴᠡᠳ | ᠪᠠᠳᠠᠷᠠᠭᠤᠯᠬᠤ ᠶᠢ ᠦᠨᠡᠨ ᠬᠦ ᠪᠠᠲᠤᠯᠠᠵᠤ ᠪᠠᠶᠢᠨ᠎ᠠ᠃ ᠤᠰᠤ ᠶᠡᠭᠡ ᠬᠤᠷᠣᠭᠳᠠᠭᠤᠯᠬᠤ ᠲᠠᠷᠢᠶᠠᠯᠠᠩ ᠤᠨ ᠤᠰᠤᠯᠠᠯᠲᠠ | ᠶᠢᠨ ᠲᠥᠬᠦᠭᠡᠷᠦᠮᠵᠢ ᠶᠢ ᠬᠢᠵᠠᠭᠠᠷᠯᠠᠨ᠂ ᠳᠤᠰᠤᠯᠭᠠᠨ ᠤᠰᠤᠯᠠᠬᠤ ᠪᠠ ᠰᠦᠷᠴᠢᠨ ᠤᠰᠤᠯᠠᠬᠤ ᠵᠡᠷᠭᠡ ᠤᠰᠤ ᠠᠷᠪᠢᠯᠠᠵᠤ | ᠤᠰᠤᠯᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ | ᠨᠤᠷᠮ᠎ᠠ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠳᠤ ᠬᠠᠩᠭᠠᠬᠤ ᠤᠰᠤᠨ ᠤ ᠬᠡᠮᠵᠢᠶ᠎ᠡ ᠶᠢᠨ | ᠭᠦᠢᠴᠡᠳ ᠪᠠᠶᠢᠬᠤ ᠶᠢ ᠪᠠᠲᠤᠯᠠᠵᠤ ᠪᠠᠶᠢᠨ᠎ᠠ᠃ ᠭᠠᠩ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ | ᠠᠷᠭ᠎ᠠ ᠪᠠᠷᠢᠯ ᠢ ᠦᠷᠭᠦᠯᠵᠢᠯᠡᠨ ᠳᠡᠭᠡᠭᠰᠢᠯᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠷᠭ᠎ᠠ | ᠬᠡᠮᠵᠢᠶ᠎ᠡ ᠶᠢ ᠴᠢᠩᠭᠠᠳᠬᠠᠨ᠂ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠦᠳᠲᠡᠷ ᠲᠦᠷᠭᠡᠨ ᠴᠤᠤᠷᠢᠶᠠᠲᠤᠨ | ᠳᠠᠭᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠭᠦᠢᠴᠡᠳ ᠬᠢᠵᠦ᠂ ᠭᠠᠮᠰᠢᠭ ᠢ | ᠰᠡᠷᠭᠡᠶᠢᠯᠡᠬᠦ ᠭᠠᠮᠰᠢᠭ ᠤᠨ ᠬᠤᠬᠢᠷᠠᠯ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠦᠨᠡᠨ ᠬᠦ ᠰᠠᠶᠢᠲᠤᠷ ᠬᠢᠵᠦ | ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠪᠠᠶᠢᠳᠠᠯ ᠢ ᠬᠥᠳᠡᠯᠦᠩᠭᠦᠢ ᠪᠠᠷ ᠬᠢᠨᠠᠨ | ᠰᠢᠨᠵᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠬᠥᠳᠡᠯᠦᠩᠭᠦᠢ ᠪᠠᠷ | ᠰᠢᠢᠳᠪᠦᠷᠢᠯᠡᠬᠦ ᠶᠢ ᠦᠨᠡᠨ ᠬᠦ ᠪᠠᠲᠤᠯᠠᠵᠤ ᠪᠤᠢ᠃ | ᠣᠶᠢᠯᠠᠭᠠᠭᠰᠠᠨ ᠢᠶᠠᠷ᠂ ᠬᠠᠮᠢᠶ᠎ᠠ ᠪᠦᠬᠦᠢ ᠭᠠᠵᠠᠷ ᠤᠨ ᠬᠢᠨ ᠣᠳᠣᠬᠠᠨ ᠪᠤᠯᠲᠠᠯ᠎ᠠ ᠬᠥᠳᠡᠯᠦᠩᠭᠦᠢ ᠬᠢᠨᠠᠨ | ᠬᠡᠮᠵᠢᠯᠲᠡ ᠪᠠᠷ ᠢᠯᠡᠷᠡᠭᠦᠯᠦᠭᠰᠡᠨ 26570 ᠬᠥᠮᠥᠨ ᠤ ᠭᠠᠩ ᠬᠠᠭᠰᠠᠷᠠᠭᠠᠨ ᠠᠴᠠ ᠪᠣᠯᠤᠭᠰᠠᠨ ᠤᠤᠭᠤᠬᠤ ᠤᠰᠤᠨ | ᠤ ᠲᠦᠷ ᠴᠠᠭ ᠤᠨ ᠠᠰᠠᠭᠤᠳᠠᠯ ᠢ ᠨᠢᠭᠡᠨᠲᠡ ᠤᠰᠤ ᠲᠠᠲᠠᠵᠤ ᠤᠰᠤ ᠬᠦᠷᠭᠡᠬᠦ᠂ ᠤᠰᠤᠨ ᠰᠤᠷᠪᠤᠯᠵᠢ ᠶᠢ ᠰᠢᠨ᠎ᠡ ᠪᠠᠷ | ᠨᠡᠭᠡᠭᠡᠬᠦ ᠵᠡᠷᠭᠡ ᠠᠷᠭ᠎ᠠ ᠭᠡᠯᠪᠡᠷᠢ ᠪᠠᠷ ᠲᠠᠮᠵᠢᠨ ᠰᠢᠢᠳᠪᠦᠷᠢᠯᠡᠪᠡ᠃ ᠪᠦᠭᠦ ᠣᠷᠣᠨ ᠳᠤ ᠨᠡᠶᠢᠲᠡ 64.75 ᠲᠦᠮᠡᠨ | ᠬᠥᠮᠥᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠤᠷᠤᠯᠴᠠᠵᠤ᠂ ᠭᠠᠩ ᠬᠠᠭᠰᠠᠷᠠᠭᠠᠨ ᠲᠠᠢ ᠲᠡᠮᠡᠴᠡᠬᠦ 23.31 | ᠲᠦᠮᠡᠨ ᠮᠠᠰᠢᠨ ᠲᠥᠬᠦᠭᠡᠷᠦᠮᠵᠢ᠂ ᠤᠰᠤ ᠵᠥᠭᠡᠭᠡᠪᠦᠷᠢᠯᠡᠬᠦ 36253 ᠮᠠᠰᠢᠨ ᠲᠡᠷᠭᠡ ᠲᠣᠬᠢᠷᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ | |