ᠠᠯᠠᠱᠠ ᠪᠠᠷᠠᠭᠤᠨ ᠬᠤᠰᠢᠭᠤ᠄ ︽ᠨᠠᠮ ᠤᠨ ᠪᠠᠶᠢᠭᠤᠯᠤᠯᠲᠠ + ᠬᠠᠤᠯᠢ ᠴᠠᠭᠠᠵᠠ︾ ᠨᠢ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2024/1/10
     ᠠᠯᠠᠱᠠ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠵᠤ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠠᠤᠯᠢ ᠴᠠᠭᠠᠵᠠ ᠶᠢᠨ ᠦᠢᠯᠡᠴᠢᠯᠡᠭᠡ ᠶᠢᠨ ᠦᠨᠳᠦᠰᠦᠨ ᠱᠠᠲᠤᠨ ᠳᠤ ᠬᠦᠨᠵᠡᠭᠡᠶᠢᠷᠡᠬᠦ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ︽ᠠᠷᠠᠳ ᠢᠶᠠᠷ ᠦᠨᠳᠦᠰᠦ ᠪᠣᠯᠭᠠᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠠᠷᠠᠳ ᠲᠤ ᠦᠢᠯᠡᠴᠢᠯᠡᠬᠦ︾ ᠵᠣᠷᠢᠯᠲᠠ ᠶᠢ ᠢᠮᠠᠭᠲᠠ ᠦᠢᠯᠡᠳᠦᠯᠭᠡᠵᠢᠬᠦᠯᠵᠦ᠂ ︽ᠨᠠᠮ ᠤᠨ ᠪᠠᠶᠢᠭᠤᠯᠤᠯᠲᠠ +︾ ᠠᠵᠢᠯ ᠤᠨ ᠠᠷᠭ᠎ᠠ ᠮᠠᠶ᠋ᠢᠭ ᠢ ᠢᠳᠡᠪᠬᠢᠲᠡᠶ ᠬᠡᠷᠡᠭᠵᠢᠭᠦᠯᠵᠦ᠂ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠬᠠᠣᠯᠢ ᠪᠠᠷ ᠵᠠᠰᠠᠬᠤ ᠪᠠᠲᠤᠯᠠᠭ᠎ᠠ ᠬᠠᠩᠭᠠᠪᠠ᠃
     ︽ᠨᠠᠮ ᠤᠨ ᠪᠠᠶᠢᠭᠤᠯᠤᠯᠲᠠ + ᠬᠠᠤᠯᠢ ᠪᠠᠷ ᠵᠠᠰᠠᠬᠤ ᠤᠬᠠᠭᠤᠯᠭ᠎ᠠ︾ ᠶᠢᠨ ᠲᠠᠯ᠎ᠠ ᠪᠠᠷ᠂ ᠠᠯᠠᠱᠠ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠲᠦᠭᠡᠮᠡᠯᠵᠢᠭᠦᠯᠬᠦ ᠡᠩᠨᠡᠭᠡ ᠶᠢ ᠢᠳᠡᠪᠬᠢᠲᠡᠶ ᠥᠷᠭᠡᠳᠬᠡᠵᠦ᠂ ᠨᠠᠮ ᠤᠨ ᠭᠡᠰᠢᠭᠦᠨ᠂ ᠭᠠᠴᠠᠭᠠᠨ ᠤ ᠬᠤᠶᠠᠷ ᠵᠥᠪᠯᠡᠯ ᠵᠢᠴᠢ ᠠᠷᠠᠳ ᠤᠨ ᠡᠶᠡᠳᠡᠭᠦᠯᠦᠭᠴᠢ ᠪᠠᠷ ᠭᠤᠤᠯᠳᠠᠯᠭ᠎ᠠ ᠪᠣᠯᠭᠠᠭᠰᠠᠨ ︽ᠬᠠᠤᠯᠢ ᠳᠤ ᠴᠠᠭᠠᠷᠠᠭᠰᠠᠳ︾᠂ ︽ᠬᠠᠤᠯᠢ ᠶᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ︾ ᠶᠢ ᠬᠥᠮᠦᠵᠢᠭᠦᠯᠵᠦ᠂ ᠦᠨᠳᠦᠰᠦᠨ ᠱᠠᠲᠤᠨ ᠤ ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠦᠢᠯᠡᠴᠢᠯᠡᠪᠠ᠃
    ︽ᠨᠠᠮ ᠤᠨ ᠪᠠᠶᠢᠭᠤᠯᠤᠯᠲᠠ + ᠠᠷᠠᠳ ᠤᠨ ᠡᠶᠡᠳᠡᠭᠦᠯᠭᠡ︾ ᠶᠢᠨ ᠲᠠᠯ᠎ᠠ ᠪᠠᠷ᠂ ᠠᠯᠠᠱᠠ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠬᠥᠭᠵᠢᠭᠦᠯᠬᠦ ᠶᠢ ᠪᠠᠷᠢᠮᠲᠠᠯᠠᠵᠤ᠂ ᠠᠯᠠᠱᠠ ᠪᠠᠷᠠᠭᠤᠨ ᠬᠤᠰᠢᠭᠤᠨ ᠤ ᠶᠡᠭᠡ ᠡᠶᠡᠳᠡᠭᠦᠯᠬᠦ ᠲᠥᠪ ᠢᠶᠠᠷ ᠲᠣᠯᠣᠭᠠᠶᠢᠯᠠᠭᠤᠯᠵᠤ᠂ ᠰᠤᠮᠤ ᠪᠠᠯᠭᠠᠰᠤᠨ ᠤ ᠡᠶᠡᠳᠡᠭᠦᠯᠬᠦ ᠵᠥᠪᠯᠡᠯ ᠢᠶᠠᠷ ᠤᠳᠤᠷᠢᠳᠤᠮᠵᠢ ᠪᠣᠯᠭᠠᠵᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠡᠶᠡᠳᠡᠭᠦᠯᠬᠦ ᠵᠥᠪᠯᠡᠯ ᠢᠶᠠᠷ ᠰᠠᠭᠤᠷᠢ ᠪᠣᠯᠭᠠᠵᠤ᠂ ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠬᠦ  ᠵᠦᠪᠯᠡᠯ ᠢᠶᠠᠷ ᠨᠥᠬᠦᠪᠥᠷᠢ ᠪᠣᠯᠭᠠᠵᠤ᠂ ᠣᠨᠴᠠᠯᠢᠭᠲᠤ ᠡᠶᠡᠳᠡᠭᠦᠯᠬᠦ ᠲᠠᠰᠤᠭ ᠢ ᠦᠷᠭᠡᠵᠢᠬᠦᠯᠦᠭᠰᠡᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠵᠥᠷᠢᠴᠡᠯ ᠢ ᠳᠡᠷᠡ ᠳᠠᠷᠣᠢ ᠳᠤᠨᠢ ᠰᠢᠢᠳᠪᠦᠷᠢᠯᠡᠪᠡ᠃
     ︽ᠨᠠᠮ ᠤᠨ ᠪᠠᠶᠢᠭᠤᠯᠤᠯᠲᠠ + ᠬᠠᠤᠯᠢ ᠴᠠᠭᠠᠵᠠ ᠶᠢᠨ ᠦᠢᠯᠡᠴᠢᠯᠡᠭᠡ︾ ᠶᠢᠨ ᠲᠠᠯ᠎ᠠ ᠪᠠᠷ᠂ ᠠᠯᠠᠱᠠ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ 1 ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ 21 ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ᠂ 54 ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠷᠢᠯᠴᠠᠬᠤ ᠴᠡᠭ ᠢᠶᠠᠷ ᠰᠠᠭᠤᠷᠢ ᠪᠣᠯᠭᠠᠭᠰᠠᠨ ᠭᠤᠷᠪᠠᠨ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠶᠠᠪᠤᠴᠠ ᠶᠢ ᠳᠥᠭᠦᠮᠴᠢᠯᠡᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠪᠡ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠢᠩᠬᠢᠮ᠂ ᠬᠠᠯᠠᠮᠰᠢᠯ ᠤᠲᠠᠰᠤ ᠵᠢᠴᠢ ᠵᠢᠵᠢᠭᠦᠷᠯᠡᠬᠦ ᠬᠠᠤᠯᠢᠴᠢ ᠶᠢ ᠲᠣᠮᠢᠯᠠᠨ ᠰᠠᠭᠤᠯᠭᠠᠬᠤ ᠵᠡᠷᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠠᠷᠠᠳ ᠣᠯᠠᠨ ᠤ ᠣᠯᠠᠨ ᠡᠰᠢᠵᠢᠭᠰᠡᠨ ᠬᠠᠤᠯᠢ ᠴᠠᠭᠠᠵᠠ ᠶᠢᠨ ᠬᠡᠷᠡᠭᠴᠡᠭᠡ ᠶᠢ ᠬᠠᠩᠭᠠᠨ᠎ᠠ᠃ ᠣᠳᠣᠬᠠᠨ ᠪᠣᠯᠲᠠᠯ᠎ᠠ᠂ 55 ᠬᠤᠪᠢ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠵᠦ᠂ ᠳᠣᠰᠠᠯᠠᠭᠤᠯᠬᠤ ᠪᠠᠷ ᠭᠤᠶᠣᠴᠢᠯᠠᠭᠰᠠᠳ ᠲᠤ 271.94 ᠲᠦᠮᠡᠨ ᠲᠥᠭᠦᠷᠢᠭ ᠤᠨ ᠬᠤᠬᠢᠷᠠᠯ ᠢ ᠡᠭᠡᠭᠦᠯᠵᠦ ᠦᠭᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号