1 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠪᠡᠭᠡᠵᠢᠩ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠵᠧᠩ ᠱᠠᠨ ᠵᠢᠶᠧ ᠲᠠᠢ ᠪᠠᠷᠠᠳᠠᠨ ᠠᠭᠤᠯᠵᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ᠵᠡᠷᠭᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ | ᠠᠵᠢᠯ ᠢᠶᠠᠨ ᠵᠣᠯᠭᠠᠭᠤᠯᠵᠤ᠂ ᠬᠤᠯᠪᠣᠭᠳᠠᠯ ᠪᠦᠬᠦᠢ ᠵᠦᠢᠯᠡᠰ ᠤᠨ ᠲᠤᠬᠠᠢ ᠭᠦᠢᠴᠡᠳ ᠶᠠᠷᠢᠯᠴᠠᠨ ᠰᠣᠯᠢᠯᠴᠠᠪᠠ᠃ | ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠡᠮᠦᠨ᠎ᠡ ᠠᠴᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠣᠷᠳᠣ ᠬᠤᠭᠤᠴᠠᠭᠠᠨ ᠤ | ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ᠂ ᠢᠯᠠᠩᠭᠤᠶ᠎ᠠ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠰᠠᠨᠠᠯ︾ ᠢ ᠲᠣᠭᠲᠠᠭᠠᠬᠤ | ᠶᠠᠪᠤᠴᠠ ᠳᠠᠬᠢ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠩᠭᠡᠷᠡᠭᠰᠡᠨ ᠨᠢᠭᠡ ᠵᠢᠯ ᠳᠤ᠂ ᠣᠷᠣᠨ | ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ | ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ᠂ ︽ᠲᠠᠪᠤᠨ ᠶᠡᠭᠡ ᠡᠭᠦᠷᠭᠡ︾ | ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ | ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠨᠡᠮᠡᠷᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ | ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ 2024 ᠣᠨ ᠤ | ᠠᠵᠢᠯ ᠳᠤ ᠪᠠᠶᠢᠷᠢᠯᠠᠭᠤᠯᠤᠯᠲᠠ ᠬᠢᠪᠡ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠵᠢᠷᠭᠤᠭᠠᠨ | ᠢᠨᠵᠧᠨᠧᠷᠢᠩ︾ ᠢ ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ | ᠰᠠᠨᠠᠯ︾ ᠢ ᠥᠪᠥᠷ ᠮᠣᠩᠭᠤᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ | ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠬᠠᠷᠢᠭᠤᠯᠠᠨ᠎ᠠ᠃ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠥᠪᠥᠷ ᠮᠣᠩᠭᠤᠯ ᠢ ᠦᠷᠭᠦᠯᠵᠢᠯᠡᠨ ᠬᠠᠯᠠᠮᠵᠢᠯᠠᠵᠤ᠂ ᠨᠡᠩ | ᠤᠯᠠᠨ ᠵᠢᠯᠣᠭᠤᠳᠤᠯᠭ᠎ᠠ ᠪᠠ ᠬᠠᠪᠰᠤᠷᠤᠯᠭ᠎ᠠ ᠦᠵᠡᠭᠦᠯᠭᠦ ᠶᠢ ᠬᠦᠰᠡᠵᠦ ᠪᠠᠶᠢᠨ᠎ᠠ ᠭᠡᠵᠡᠢ᠃ | ᠵᠧᠩ ᠱᠠᠨ ᠵᠢᠶᠧ᠂ ᠰᠢᠨ᠎ᠡ ᠣᠨ ᠡᠬᠢᠯᠡᠭᠡᠳ ᠳᠡᠮᠡᠢ ᠤᠳᠠᠭᠰᠠᠨ ᠦᠭᠡᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠳᠠᠷᠤᠶᠢᠬᠠᠨ ᠢᠷᠡᠵᠤ ᠠᠵᠢᠯ ᠢᠶᠠᠨ ᠵᠣᠯᠭᠠᠭᠤᠯᠵᠤ | ᠪᠠᠶᠢᠬᠤ ᠨᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢ ᠳᠡᠮᠵᠢᠵᠤ ᠪᠠᠶᠢᠬᠤ ᠶᠢ ᠭᠦᠢᠴᠡᠳ | ᠢᠯᠡᠷᠡᠭᠦᠯᠪᠡ᠃ ᠨᠢᠳᠤᠨᠤᠨ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠮᠠᠰᠢ ᠰᠠᠶᠢᠨ ᠬᠠᠨᠳᠤᠰᠢ | ᠪᠠᠨ ᠪᠠᠲᠤᠯᠠᠵᠤ᠂ ᠡᠯ᠎ᠡ ᠵᠦᠢᠯ ᠤᠨ ᠠᠵᠢᠯ ᠨᠡᠯᠢᠶᠡᠳ ᠰᠠᠶᠢᠨ ᠠᠮᠵᠢᠯᠲᠠ ᠣᠯᠵᠠᠢ᠃ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠬᠤᠯᠪᠣᠭᠳᠠᠯ ᠪᠦᠬᠦᠢ ᠶᠠᠮᠤᠨ ᠵᠥᠪᠯᠡᠯ ᠢ ᠢᠳᠡᠪᠬᠢᠲᠡᠢ ᠵᠣᠬᠢᠴᠠᠭᠤᠯᠵᠤ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ | ᠰᠠᠨᠠᠯ︾ ᠪᠣᠯᠣᠨ ᠤᠯᠤᠰ ᠤᠨ ᠬᠤᠯᠪᠣᠭᠳᠠᠯ ᠪᠦᠬᠦᠢ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠨᠥᠬᠦᠴᠡᠯ ᠲᠠᠢ ᠭᠠᠵᠠᠷ | ᠣᠷᠣᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠶᠢ ᠳᠡᠮᠵᠢᠵᠦ᠂ ᠲᠥᠪ ᠤᠨ ᠠᠵᠤ ᠠᠬᠤᠶᠢᠯᠠᠯ | ᠬᠢᠭᠡᠳ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠷ ᠬᠤᠯᠪᠣᠨ | ᠬᠠᠮᠲᠤᠷᠠᠯᠴᠠᠬᠤ ᠳᠤ ᠬᠥᠭᠦᠷᠭᠡ ᠬᠤᠯᠪᠣᠭᠠᠰᠤ ᠪᠣᠯᠵᠤ᠂ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾ ᠪᠠᠨ | ᠨᠠᠩ ᠰᠠᠶᠢᠲᠤᠷ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ | ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠤᠨ᠎ᠠ ᠭᠡᠵᠡᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠤᠳᠤᠷᠢᠳᠤᠯᠭ᠎ᠠ ᠯᠢ ᠴᠦᠨ ᠯᠢᠨ ᠠᠵᠢᠯᠯᠠᠭ᠎ᠠ ᠳᠤ ᠣᠷᠣᠯᠴᠠᠵᠠᠢ᠃ | |