ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠄ ᠶᠡᠷᠦᠩᠬᠡᠶᠢᠯᠡᠭᠰᠡᠨ ᠠᠷᠭ᠎ᠠ ᠠᠪᠴᠠᠯ ᠢᠶᠠᠷ ᠡᠪᠡᠳᠴᠢᠲᠡᠨ ᠤ ᠡᠪᠡᠳᠴᠢᠨ ᠦᠵᠡᠭᠦᠯᠬᠦ ᠳᠤ ᠳᠦᠬᠦᠮ ᠦᠵᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/1/12
    ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠢᠮᠠᠭᠲᠠ ︽ᠡᠪᠡᠳᠴᠢᠲᠡᠨ ᠢᠶᠠᠷ ᠭᠤᠣᠯ ᠪᠣᠯᠭᠠᠵᠤ᠂ ᠶᠠᠰᠤ ᠴᠢᠨᠠᠷ ᠢᠶᠠᠷ ᠭᠤᠣᠯ ᠪᠣᠯᠭᠠᠬᠤ︾ ᠡᠮᠨᠡᠯᠭᠡ ᠶᠢᠨ ᠬᠤᠷᠢᠶ᠎ᠠ ᠡᠷᠭᠢᠯᠡᠬᠦ ᠴᠢᠭᠯᠡᠯᠲᠡ ᠶᠢ ᠪᠠᠷᠢᠮᠲᠠᠯᠠᠵᠤ᠂ ᠠᠷᠠᠳ ᠣᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠲᠠᠯ᠎ᠠ ᠪᠠᠷ ᠬᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠨᠳᠥᠷ ᠪᠦᠲᠦᠮᠵᠢᠲᠡᠶ ᠴᠢᠨᠠᠷ ᠰᠠᠶᠢᠲᠠᠶ ᠡᠮᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠡᠮᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠪᠡᠳᠴᠢᠲᠡᠨ ᠢ ᠳᠤᠲᠠᠭᠤ ᠭᠦᠶᠦᠯᠭᠡᠵᠦ᠂ ᠡᠮᠴᠢᠯᠡᠭᠦᠯᠬᠦ ᠳᠤ ᠨᠠᠩ ᠳᠥᠭᠦᠮ ᠦᠵᠡᠬᠦᠯᠪᠡ᠃
    2023 ᠣᠨ ᠠᠴᠠ ᠨᠠᠰᠢ᠂ ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠ᠃ ᠪᠦᠬᠦ ᠡᠮᠨᠡᠯᠭᠡ ᠶᠢᠨ ᠬᠤᠷᠢᠶᠠᠨ ᠤ ᠰᠤᠪᠢᠯᠠᠭᠴᠢ ᠶᠢ ᠰᠢᠯᠭᠠᠨ ᠬᠢᠨᠠᠵᠤ ᠦᠨᠡᠯᠡᠨ ᠵᠢᠱᠢᠵᠦ᠂ ᠴᠢᠳᠠᠪᠤᠷᠢᠲᠠᠨ ᠤ ᠪᠦᠲᠦᠴᠡ ᠶᠢ ᠰᠢᠯᠢᠳᠡᠭᠵᠢᠭᠦᠯᠦᠨ᠂ ᠰᠤᠪᠢᠯᠠᠯᠲᠠ ᠶᠢᠨ ᠶᠠᠰᠤ ᠴᠢᠨᠠᠷ ᠢ ᠳᠡᠭᠡᠭᠰᠢᠯᠡᠬᠦᠯᠪᠡ᠃ ︽ᠤᠷᠢᠵᠤ ᠠᠪᠴᠢᠷᠠᠬᠤ ᠂ ᠭᠠᠳᠠᠭᠰᠢ ᠭᠠᠷᠬᠤ︾ ᠠᠷᠭ᠎ᠠ ᠮᠠᠶ᠋ᠢᠭ ᠢ ᠠᠪᠴᠤ᠂ ᠲᠤᠰᠬᠠᠶ ᠮᠡᠷᠭᠡᠵᠢᠯᠲᠡᠨ ᠵᠢᠴᠢ ᠨᠠᠷᠠᠲᠤ ᠠᠬᠠᠮᠠᠳ ᠬᠢᠲᠠᠳ ᠡᠮᠨᠡᠯᠭᠡ ᠶᠢᠨ ᠳ᠋ᠣᠺᠲ᠋ᠣᠷ ᠢ ᠤᠷᠢᠵᠤ  ᠳᠠᠭᠠᠭᠤᠯᠤᠨ ᠰᠤᠷᠭᠠᠬᠤ᠂ ᠮᠡᠰᠡ ᠵᠠᠰᠠᠯ ᠢ ᠵᠢᠯᠣᠭᠤᠳᠤᠭᠤᠯᠵᠤ᠂ ᠲᠤᠬᠠᠶᠢᠯᠠᠭᠰᠠᠨ ᠠᠵᠢᠯ ᠤᠨ ᠭᠤᠣᠯ ᠡᠮᠴᠢ ᠶᠢ ᠰᠣᠩᠭᠤᠨ ᠲᠣᠮᠢᠯᠠᠵᠤ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠳᠤ ᠳᠠᠪᠲᠠᠨ ᠪᠣᠯᠪᠠᠰᠤᠷᠠᠭᠤᠯᠵᠤ᠂ ︽ᠴᠢᠳᠠᠪᠣᠷᠢ ᠪᠠᠨ ᠳᠡᠭᠡᠭᠰᠢᠯᠡᠬᠦᠯᠬᠦ︾ ᠪᠠ ︽ᠭᠠᠳᠠᠭᠠᠳᠤ ᠬᠦᠴᠦᠨ ᠢ ᠠᠰᠢᠭᠯᠠᠬᠤ︾ ᠶᠢ ᠵᠡᠷᠭᠡ ᠪᠠᠷ ᠶᠠᠪᠤᠭᠳᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠡᠭᠦᠳᠡᠨ ᠡᠮᠨᠡᠯᠭᠡ ᠶᠢᠨ ᠬᠥᠮᠦᠨ ᠤᠳᠠᠭ᠎ᠠ 98341 ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12467 ᠬᠥᠮᠦᠨ ᠨᠡᠮᠡᠭᠳᠡᠵᠡᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号