ᠨᠠᠢᠮᠠᠨ ᠰᠠᠯᠠᠭ᠎ᠠ ᠮᠥᠴᠢᠷ ᠬᠠᠮᠲᠤᠷᠠᠨ ᠹᠣᠰᠹᠣᠷ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠥᠨᠳᠥᠷ ᠥᠷᠲᠡᠭᠵᠢᠭᠦᠯᠦᠨ ᠠᠰᠢᠭᠯᠠᠬᠤ ᠶᠢ ᠠᠬᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2024/1/12
    ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠨᠠᠢᠮᠠᠨ ᠰᠠᠯᠠᠭ᠎ᠠ ᠮᠥᠴᠢᠷ ᠬᠠᠮᠲᠤᠷᠠᠨ ︽ᠹᠣᠰᠹᠣᠷ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠥᠨᠳᠥᠷ ᠥᠷᠲᠡᠭᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ 2026 ᠣᠨ ᠪᠤᠯᠬᠤ ᠳᠤ᠂ ᠮᠠᠨ ᠤ ᠤᠯᠤᠰ ᠤᠨ ᠹᠣᠰᠹᠣᠷ ᠤᠨ ᠡᠬᠢ ᠪᠠᠶᠠᠯᠢᠭ ᠢ ᠦᠷᠭᠦᠯᠵᠢᠯᠡᠨ ᠪᠠᠲᠤᠯᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ ᠭᠡᠵᠦ ᠳᠤᠷᠠᠳᠴᠠᠢ᠃     ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠹᠣᠰᠹᠣᠷ ᠤᠨ ᠬᠢᠮᠢ ᠶᠢᠨ ᠪᠣᠳᠠᠰ ᠨᠢ ᠠᠮᠤ ᠪᠤᠳᠠᠭᠠᠨ ᠤ ᠠᠮᠤᠷ ᠲᠦᠪᠰᠢᠨ᠂ ᠠᠮᠢ ᠨᠠᠰᠤᠨ ᠤ ᠡᠷᠡᠭᠦᠯ ᠮᠡᠨᠳᠦ᠂ ᠰᠢᠨ᠎ᠡ ᠡᠨᠧᠷᠭᠢ ᠵᠢᠴᠢ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠲᠠᠢ ᠬᠤᠯᠪᠣᠭᠳᠠᠵᠤ ᠪᠠᠶᠢᠳᠠᠭ᠃ ᠮᠠᠨ ᠤ ᠤᠯᠤᠰ ᠤᠨ ᠹᠣᠰᠹᠣᠷ ᠤᠨ ᠠᠭᠤᠷᠬᠠᠢ ᠶᠢᠨ ᠡᠬᠢ ᠪᠠᠶᠠᠯᠢᠭ ᠡᠯᠪᠡᠭ᠂ ᠹᠣᠰᠹᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ ᠪᠠᠶᠢᠵᠤ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠹᠣᠰᠹᠣᠷ ᠤᠨ ᠬᠦᠳᠡᠷ᠂ ᠹᠣᠰᠹᠣᠷ ᠤᠨ ᠬᠢᠮᠢ ᠶᠢᠨ ᠦᠢᠯᠡᠳᠬᠦᠨ ᠦᠢᠯᠡᠳᠪᠦᠷᠢᠯᠡᠵᠦ ᠪᠠᠶᠢᠭ᠎ᠠ ᠤᠯᠤᠰ ᠪᠣᠯᠣᠨ᠎ᠠ᠃ ᠹᠣᠰᠹᠣᠷ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠥᠨᠳᠥᠷ ᠥᠷᠲᠡᠭᠵᠢᠭᠦᠯᠦᠨ ᠠᠰᠢᠭᠯᠠᠵᠤ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠥᠷᠢᠰᠦᠯᠳᠦᠭᠡᠨ ᠤ ᠳᠠᠪᠠᠭᠤᠯᠢᠭ ᠢ ᠨᠡᠮᠡᠭᠳᠡᠭᠦᠯᠬᠦ ᠶᠢᠨ ᠲᠥᠯᠥᠭᠡ ︽ᠹᠣᠰᠹᠣᠷ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠥᠨᠳᠥᠷ ᠥᠷᠲᠡᠭᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠲᠣᠭᠲᠠᠭᠠᠵᠠᠢ ᠭᠡᠵᠦ ᠢᠯᠡᠳᠬᠡᠪᠡ᠃     ᠲᠥᠰᠥᠯ ᠳᠤ᠂ 2026 ᠣᠨ ᠪᠤᠯᠬᠤ ᠳᠤ᠂ ᠮᠠᠨ ᠤ ᠤᠯᠤᠰ ᠤᠨ ᠹᠣᠰᠹᠣᠷ ᠤᠨ ᠬᠢᠮᠢ ᠶᠢᠨ ᠠᠵᠤ ᠦᠢᠯᠡᠳᠪᠦᠷᠢ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ᠂ ᠪᠣᠬᠢᠷᠳᠤᠯ ᠦᠭᠡᠢ ᠠᠶᠤᠯᠭᠦᠢ ᠪᠠᠶᠢᠬᠤ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠡᠭᠡᠳᠦ ᠲᠡᠰ ᠤᠨ ᠹᠣᠰᠹᠣᠷ ᠤᠨ ᠬᠢᠮᠢ ᠶᠢᠨ ᠪᠣᠳᠠᠰ ᠤᠨ ᠬᠠᠩᠭᠠᠯᠭ᠎ᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠣᠷᠣᠨ ᠪᠦᠰᠡ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠪᠠ ᠬᠤᠯᠪᠤᠭᠠᠯᠠᠨ ᠬᠥᠭᠵᠢᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠶᠤᠯᠭᠦᠢ ᠲᠦᠪᠰᠢᠨ ᠢ ᠨᠡᠩ ᠪᠠᠲᠤᠳᠬᠠᠨ᠎ᠠ ᠭᠡᠵᠦ ᠳᠤᠷᠠᠳᠴᠠᠢ᠃     ᠲᠥᠰᠥᠯ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ᠂ ᠪᠦᠲᠦᠴᠡ ᠶᠢ ᠰᠢᠯᠢᠳᠡᠭᠵᠢᠭᠦᠯᠬᠦ᠂ ᠪᠣᠬᠢᠷᠳᠤᠯ ᠦᠭᠡᠢ ᠬᠥᠭᠵᠢᠭᠦᠯᠬᠦ᠂ ᠠᠮᠢ ᠠᠬᠤᠢ ᠶᠢ ᠪᠣᠶᠢᠵᠢᠭᠤᠯᠬᠤ ᠵᠡᠷᠭᠡ ᠳᠥᠷᠪᠡᠨ ᠲᠠᠯ᠎ᠠ ᠠᠴᠠ ᠪᠣᠳᠠᠲᠠᠢ ᠬᠥᠭᠵᠢᠯᠲᠡ ᠶᠢᠨ ᠬᠠᠷᠠᠯᠲᠠ ᠶᠢ ᠲᠣᠳᠣᠷᠬᠠᠢ ᠲᠣᠭᠲᠠᠭᠠᠪᠠ᠃ ᠡᠭᠦᠨ ᠳᠤ ᠠᠮᠢ ᠠᠬᠤᠢ ᠶᠢ ᠪᠣᠶᠢᠵᠢᠭᠤᠯᠬᠤ ᠲᠠᠯ᠎ᠠ ᠪᠠᠷ᠂ ᠠᠵᠤ ᠦᠢᠯᠡᠰ ᠤᠨ ᠭᠤᠣᠯᠯᠠᠬᠤ ᠬᠦᠴᠦᠨ ᠲᠠᠢ᠂ ᠪᠦᠭᠦ ᠪᠥᠮᠪᠥᠷᠴᠡᠭ ᠲᠤ ᠥᠷᠢᠰᠦᠯᠳᠦᠬᠦ ᠬᠦᠴᠦᠨ ᠲᠠᠢ 3 ᠣᠷᠴᠢᠮ ᠲᠡᠷᠢᠭᠦᠨ ᠵᠡᠷᠭᠡ ᠶᠢᠨ ᠹᠣᠰᠹᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠣᠶᠢᠵᠢᠭᠤᠯᠵᠤ᠂ 3 ᠣᠷᠴᠢᠮ ᠣᠨᠴᠠᠯᠢᠭ ᠢᠶᠠᠷ ᠲᠣᠪᠣᠶᠢᠮ᠎ᠠ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠠᠶᠢᠭᠤᠯᠤᠨ᠎ᠠ᠃     ᠡᠭᠦᠨ ᠠᠴᠠ ᠭᠠᠳᠠᠨ᠎ᠠ᠂ ᠲᠥᠰᠥᠯ ᠳᠤ ︽ᠡᠬᠢ ᠪᠠᠶᠠᠯᠢᠭ ᠤᠨ ᠪᠠᠲᠤᠯᠠᠭ᠎ᠠ ᠪᠠ ᠲᠤᠯᠭᠠᠭᠤᠷᠢᠯᠠᠯ ᠢ ᠴᠢᠩᠭᠠᠳᠬᠠᠬᠤ︾᠂ ︽ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠭᠦ︾᠂ ︽ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ︾᠂ ︽ᠠᠶᠤᠯᠭᠦᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ︾ ᠵᠡᠷᠭᠡ ᠲᠠᠯ᠎ᠠ ᠪᠠᠷ ᠠᠯᠢ ᠣᠯᠠᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号