ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠡᠰ ᠢ ᠦᠨᠡᠯᠡᠨ ᠲᠣᠭᠲᠠᠭᠠᠬᠤ ᠠᠷᠭ᠎ᠠ ᠶᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/1/15
    ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ᠂ ᠡᠳ᠋ ᠤᠨ ᠵᠠᠰᠠᠭ ᠤᠨ ᠲᠢᠩᠬᠢᠮ ᠪᠣᠯᠣᠨ ᠠᠷᠠᠳ ᠤᠨ ᠶᠠᠪᠤᠳᠠᠯ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠡᠰ ᠢ ᠦᠨᠡᠯᠡᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃     ᠣᠶᠢᠯᠠᠭᠠᠭᠰᠠᠨ ᠢᠶᠠᠷ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠡᠲᠡᠭᠡᠳ ᠪᠣᠯ ᠠᠵᠢᠯ ᠣᠯᠬᠤ ᠨᠠᠰᠤᠨ ᠳᠠᠬᠢ ᠣᠶᠤᠨ ᠮᠡᠳᠡᠷᠡᠯ ᠵᠡᠮᠳᠡᠭ ᠬᠥᠮᠥᠨ ᠵᠢᠴᠢ ᠬᠦᠨᠳᠦ ᠲᠠᠰ ᠤᠨ ᠭᠠᠷ ᠬᠥᠯ ᠵᠡᠮᠳᠡᠭ ᠬᠥᠮᠥᠰ ᠪᠣᠯᠣᠨ᠎ᠠ᠃ ᠥᠪᠥᠷ ᠮᠣᠩᠭᠤᠯ ᠤᠨ ᠠᠵᠢᠯ ᠣᠯᠬᠤ ᠨᠠᠰᠤᠨ ᠤ ᠬᠤᠭᠤᠴᠠᠭᠠᠨ ᠳᠠᠬᠢ ᠣᠶᠤᠨ ᠮᠡᠳᠡᠷᠡᠯ ᠵᠡᠮᠳᠡᠭ ᠬᠥᠮᠥᠨ ᠵᠢᠴᠢ ᠬᠦᠨᠳᠦ ᠲᠠᠰ ᠤᠨ ᠬᠥᠯ ᠭᠠᠷ ᠵᠡᠮᠳᠡᠭ ᠬᠥᠮᠥᠨ ᠪᠠᠷᠤᠭ 15.1 ᠲᠦᠮᠡ ᠪᠠᠶᠢᠵᠤ᠂ ᠲᠡᠳᠡᠨ ᠤ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠨᠢ ᠨᠡᠯᠢᠶᠡᠳ ᠠᠨᠠᠢ᠂ ᠠᠵᠢᠯ ᠣᠯᠬᠤ ᠴᠢᠳᠠᠪᠤᠷᠢ ᠨᠢ ᠴᠢᠩᠭ᠎ᠠ ᠪᠢᠰᠢ᠂ ᠨᠡᠶᠢᠳᠡᠮ ᠬᠠᠷᠠᠭᠠᠯᠵᠠᠬᠤ ᠴᠢᠬᠤᠯᠠᠲᠠᠢ ᠪᠠᠶᠢᠵᠤ᠂ ᠠᠮᠢᠳᠤᠷᠠᠯ ᠨᠢ ᠨᠡᠯᠢᠶᠡᠳ ᠬᠦᠴᠢᠷᠲᠡᠢ ᠪᠠᠶᠢᠳᠠᠭ᠃ ᠲᠠᠨᠢᠯᠴᠠᠭᠤᠯᠤᠭᠰᠠᠨ ᠢᠶᠠᠷ᠂ ᠳᠤᠰ ︽ᠦᠨᠡᠯᠡᠨ ᠲᠣᠭᠲᠠᠭᠠᠬᠤ ᠠᠷᠭ᠎ᠠ︾ ᠶᠢ ᠨᠡᠶᠢᠲᠡᠯᠡᠭᠰᠡᠨ ᠨᠢ ᠵᠡᠮᠳᠡᠭᠴᠦᠳ ᠤᠨ ᠪᠠᠶᠢᠭᠤᠯᠤᠮᠵᠢ ᠶᠢᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠡᠰ ᠢ ᠦᠨᠡᠯᠡᠨ ᠲᠣᠭᠲᠠᠭᠠᠬᠤ ᠠᠵᠢᠯ ᠢ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠶᠢᠨ ᠲᠥᠯᠥᠭᠡ ᠪᠠᠶᠢᠵᠤ᠂ ︽ᠦᠨᠡᠯᠡᠨ ᠲᠣᠭᠲᠠᠭᠠᠬᠤ ᠠᠷᠭ᠎ᠠ︾ ᠳᠤ ᠪᠠᠶᠢᠭᠤᠯᠤᠮᠵᠢ ᠶᠢᠨ ᠳᠡᠰ ᠬᠢᠭᠡᠳ ᠦᠨᠡᠯᠡᠨ ᠲᠣᠭᠲᠠᠭᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠭᠤᠶᠤᠴᠢᠯᠠᠨ ᠮᠡᠳᠡᠭᠦᠯᠬᠦ ᠨᠥᠬᠦᠴᠡᠯ ᠵᠢᠴᠢ ᠦᠨᠡᠯᠡᠨ ᠲᠣᠭᠲᠠᠭᠠᠬᠤ ᠲᠠᠰ ᠳᠠᠷᠠᠭᠠᠯᠠᠯ᠂ ᠦᠨᠡᠯᠡᠨ ᠲᠣᠭᠲᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠵᠢᠴᠢ ᠵᠠᠷᠤᠳᠠᠯ ᠤᠨ ᠪᠠᠲᠤᠯᠠᠭ᠎ᠠ ᠵᠡᠷᠭᠡ ᠳᠤ ᠲᠣᠳᠣᠷᠬᠠᠢ ᠲᠣᠭᠲᠠᠭᠠᠯ ᠭᠠᠷᠭᠠᠵᠠᠢ᠃     ᠲᠣᠰ ︽ᠦᠨᠡᠯᠡᠨ ᠲᠣᠭᠲᠠᠭᠠᠬᠤ ᠠᠷᠭ᠎ᠠ︾ ᠶᠢ ᠨᠡᠶᠢᠲᠡᠯᠡᠭᠰᠡᠨ ᠨᠢ ᠡᠯ᠎ᠡ ᠲᠥᠷᠥᠯ ᠤᠨ ᠪᠠᠶᠢᠭᠤᠯᠤᠮᠵᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠳᠡᠭᠡᠷ ᠵᠡᠮᠳᠡᠭᠴᠦᠳ ᠲᠤ ᠪᠠᠶᠢᠷᠢ ᠳᠤ ᠰᠠᠭᠤᠯᠭᠠᠬᠤ ᠪᠤᠶᠤ ᠡᠳᠦᠷ ᠲᠤᠲᠤᠮ ᠤᠨ ᠠᠰᠠᠷᠠᠨ ᠲᠡᠵᠢᠭᠡᠬᠦ ᠦᠢᠯᠡᠴᠢᠯᠡᠭᠡ ᠬᠠᠩᠭᠠᠵᠤ᠂ ᠵᠡᠮᠳᠡᠭᠴᠦᠳ ᠤᠨ ᠭᠡᠷ ᠪᠦᠯᠢ ᠪᠠ ᠨᠡᠶᠢᠭᠡᠮ ᠤᠨ ᠳᠠᠷᠤᠭᠠᠰᠤ ᠶᠢ ᠬᠥᠩᠭᠡᠷᠡᠭᠦᠯᠦᠨ᠎ᠡ ᠭᠡᠵᠦ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号