ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠭᠠᠵᠠᠷ ᠰᠢᠷᠣᠶ ᠨᠥᠭᠡᠴᠡᠯᠡᠬᠦ ᠥᠪᠡᠷ ᠤᠨ ᠥᠷᠲᠡᠭ ᠲᠤ ᠣᠷᠣᠭᠤᠯᠬᠤ ᠲᠤᠬᠠᠶ ᠮᠡᠳᠡᠭᠳᠡᠯ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/1/22
   ︽ᠬᠤᠲᠠ ᠪᠠᠯᠭᠠᠰᠤᠨ ᠤ ᠤᠰᠤ ᠬᠠᠩᠭᠠᠬᠤ ᠴᠠᠬᠢᠯᠭᠠᠨ ᠬᠠᠩᠭᠠᠬᠤ ᠬᠡᠢ ᠬᠠᠩᠭᠠᠬᠤ ᠳᠤᠯᠠᠭᠠᠯᠠᠭ᠎ᠠ ᠶᠢᠨ ᠠᠵᠢᠯ ᠲᠥᠷᠥᠯ ᠤᠨ ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠵᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠰᠠᠨᠠᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠷᠣᠮᠠᠯᠯᠠᠨ ᠳᠠᠷᠬᠠᠭᠠᠬᠤ ᠮᠡᠳᠡᠭᠳᠡᠯ︾ ︵ᠲᠥᠷᠥ ᠠᠯᠪᠠᠨ ᠵᠠᠬᠢᠳᠠᠯ ︹2020︺ 129 ᠳ᠋ᠣᠭᠡᠷ ᠲᠣᠭᠠᠲᠤ︶᠎ ᠳᠤ᠂ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠲᠣᠭᠲᠠᠭᠠᠯ ᠶᠣᠰᠣᠭᠠᠷ ᠭᠠᠵᠠᠷ ᠰᠢᠷᠣᠶ ᠶᠢᠨ ᠨᠡᠭᠡᠭᠡᠯᠲᠡ ᠶᠢᠨ ᠵᠠᠷᠤᠯᠭ᠎ᠠ ᠶᠢᠨ ᠬᠠᠮᠢᠶ᠎ᠠ ᠪᠦᠬᠦᠢ ᠲᠣᠭᠲᠠᠭᠠᠯ ᠳᠤ ᠣᠷᠣᠭᠤᠯᠬᠤ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠨᠥᠭᠡᠴᠡᠯᠡᠯᠲᠡ ᠶᠢᠨ ᠬᠤᠯᠪᠣᠭᠳᠠᠯ ᠪᠦᠬᠦᠢ ᠲᠣᠭᠲᠠᠭᠠᠯ ᠪᠣᠯᠤᠨ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠭᠠᠵᠠᠷ ᠰᠢᠷᠣᠶ ᠶᠢᠨ ᠨᠥᠭᠡᠴᠡᠯᠡᠯᠲᠡ ᠶᠢᠨ ᠥᠪᠡᠷ ᠤᠨ ᠥᠷᠲᠡᠭ ᠲᠤ ᠣᠷᠣᠭᠤᠯᠬᠤ ᠲᠤᠬᠠᠶ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠮᠡᠳᠡᠭᠳᠡᠶ᠎ᠡ᠄    ᠨᠢᠭᠡ᠂ ᠬᠡᠷᠡᠭᠯᠡᠬᠦ ᠬᠡᠪᠴᠢᠶ᠎ᠡ    ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠳᠦᠯᠦᠪᠵᠢᠬᠦᠯᠦᠭᠰᠡᠨ ᠭᠠᠵᠠᠷ ᠤᠨ ᠬᠡᠪᠴᠢᠶᠡᠨ ᠳᠣᠳᠣᠷ᠎ᠠ᠂ ᠵᠠᠰᠠᠭ ᠤᠨ ᠣᠷᠳᠣᠨ ᠤ ᠭᠠᠵᠠᠷ ᠰᠢᠷᠣᠶ ᠨᠥᠭᠡᠴᠡᠯᠡᠬᠦ ᠬᠥᠮᠥᠷᠭᠡ ᠶᠢᠨ ᠬᠠᠮᠢᠶᠠᠷᠤᠯᠲᠠ᠂ ᠭᠠᠵᠠᠷ ᠰᠢᠷᠣᠶ ᠬᠡᠷᠡᠭᠯᠡᠬᠦ ᠡᠷᠬᠡ ᠣᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠳᠤ ᠣᠷᠣᠭᠤᠯᠵᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠳᠦᠯᠦᠪᠵᠢᠬᠦᠯᠦᠭᠰᠡᠨ ᠭᠠᠵᠠᠷ ᠤᠨ ᠬᠡᠪᠴᠢᠶ᠎ᠡ ᠶᠢ ᠠᠯᠠᠱᠠ ᠠᠶᠢᠮᠠᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠵᠤ᠂ ᠪᠣᠳᠠᠲᠠᠶ ᠪᠠᠶᠢᠭᠠᠯᠢ ᠶᠢᠨ ᠡᠬᠢ ᠪᠠᠶᠠᠯᠢᠭ ᠪᠠ ᠲᠥᠯᠥᠪᠵᠢᠭᠦᠯᠭᠡ ᠶᠢᠨ ᠰᠠᠯᠠᠭ᠎ᠠ ᠮᠥᠴᠢᠷ ᠤᠨ ᠬᠤᠪᠢᠶᠠᠷᠢᠯᠠᠨ ᠲᠣᠭᠲᠠᠭᠠᠭᠰᠠᠨ ᠣᠷᠣᠨ ᠢᠶᠠᠷ ᠪᠠᠷᠢᠮᠵᠢᠶ᠎ᠠ ᠪᠣᠯᠭᠠᠨ᠎ᠠ᠃    ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠭᠡᠳᠡᠭ ᠨᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠳᠦᠯᠦᠪᠵᠢᠬᠦᠯᠦᠭᠰᠡᠨ ᠭᠠᠵᠠᠷ ᠤᠨ ᠬᠡᠪᠴᠢᠶᠡᠨ ᠳᠣᠲᠣᠷ᠎ᠠ᠂ ᠬᠡᠷᠡᠭᠯᠡᠭᠴᠢ ᠶᠢᠨ ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ ᠤᠯᠠᠭᠠᠨ ᠱᠤᠭᠤᠮ ᠠᠴᠠ ᠣᠯᠠᠨ ᠨᠡᠶᠢᠲᠡ ᠶᠢᠨ ᠴᠠᠬᠢᠯᠭᠠᠨ ᠤ ᠲᠣᠤᠷ ᠲᠤ ᠵᠠᠯᠭᠠᠵᠤ ᠪᠤᠶ ᠪᠣᠯᠤᠭᠰᠠᠨ ᠲᠣᠤᠷ ᠲᠤ ᠣᠷᠣᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠭᠠᠵᠤ ᠪᠤᠶ᠂ ᠬᠡᠷᠡᠭᠯᠡᠭᠴᠢ ᠶᠢᠨ ᠳᠤᠷᠠᠳᠤᠭᠰᠠᠨ ᠪᠠᠷᠢᠮᠵᠢᠶ᠎ᠠ ᠠᠴᠠ ᠬᠡᠲᠦᠷᠡᠭᠦᠯᠦᠨ ᠬᠠᠩᠭᠠᠬᠤ ᠪᠤᠶᠤ ᠥᠪᠡᠷᠮᠢᠴᠡ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠦᠢᠯᠡᠴᠢᠯᠡᠭᠡᠨ ᠤ ᠵᠠᠷᠤᠳᠠᠯ ᠢ ᠪᠠᠭᠲᠠᠭᠠᠬᠤ ᠦᠭᠡᠶ᠃    ᠬᠤᠶᠠᠷ᠂ ᠨᠣᠷᠮ᠎ᠠ ᠲᠣᠭᠲᠠᠭᠠᠭᠰᠠᠨ ᠪᠠᠷᠢᠮᠵᠢᠶ᠎ᠠ ᠶᠢᠨ ᠬᠠᠮᠢᠶᠠᠷᠤᠯᠲᠠ    ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠨᠠᠩ ᠰᠠᠶᠢᠨ ᠵᠣᠬᠢᠴᠠᠬᠤ ᠶᠢᠨ ᠲᠥᠯᠥᠭᠡ᠂ ᠲᠠᠷᠬᠠᠮᠠᠯ ᠰᠢᠨ᠎ᠡ ᠡᠨᠧᠷᠭᠢ ᠶᠢᠨ ᠵᠠᠯᠭᠠᠯᠲᠠ ᠵᠢᠴᠢ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠶᠡᠷᠦᠩᠬᠡᠶᠢᠯᠡᠨ ᠪᠣᠳᠣᠯᠬᠢᠯᠠᠵᠤ᠂ ᠨᠥᠭᠡᠴᠡᠯᠡᠬᠦ ᠭᠠᠵᠠᠷ ᠰᠢᠷᠣᠶ ᠶᠢᠨ ᠬᠠᠮᠢᠶ᠎ᠠ ᠪᠥᠬᠦᠶ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠢ ᠲᠥᠯᠥᠪᠵᠢᠭᠦᠯᠭᠡ ᠶᠢᠨ ᠬᠡᠷᠡᠭᠴᠡᠭᠡ ᠶᠢ ᠦᠨᠳᠦᠰᠦᠯᠡᠨ᠂ ᠨᠥᠭᠡᠴᠡᠯᠡᠬᠦ ᠭᠠᠵᠠᠷ ᠰᠢᠷᠣᠶ ᠶᠢᠨ ᠴᠠᠬᠢᠯᠭᠠᠨ ᠬᠡᠷᠡᠭᠯᠡᠬᠦ ᠰᠢᠨᠵᠢ ᠴᠢᠨᠠᠷ᠂ ᠲᠠᠯᠠᠪᠠᠶ ᠪᠠ ᠢᠵᠢ ᠪᠥᠷᠢᠳᠦᠭᠦᠯᠬᠦ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠶᠣᠰᠣᠭᠠᠷ᠂ ᠶᠡᠷᠦᠩᠬᠡᠶᠢᠯᠡᠨ ᠬᠠᠮᠢᠶᠠᠷᠬᠤ ᠶᠢ ᠬᠡᠷᠡᠭᠵᠢᠭᠦᠯᠦᠨ᠎ᠡ᠃ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ᠄ ᠬᠤᠳᠠᠯᠳᠤᠭ᠎ᠠ ᠶᠢᠨ ᠲᠥᠷᠥᠯ 31 ᠲᠥᠭᠦᠷᠢᠭ / ᠲᠡᠭᠰᠢ ᠳᠥᠷᠪᠡᠯᠵᠢᠨ ᠮᠧᠲᠷ᠂ ᠣᠷᠣᠨ ᠰᠠᠭᠤᠴᠠ ᠶᠢᠨ ᠲᠥᠷᠥᠯ 35 ᠲᠥᠭᠦᠷᠢᠭ / ᠲᠡᠭᠰᠢ ᠳᠥᠷᠪᠡᠯᠵᠢᠨ ᠮᠧᠲᠷ᠂ ᠠᠵᠤ ᠦᠢᠯᠡᠳᠪᠦᠷᠢ ᠶᠢᠨ ᠲᠥᠷᠥᠯ 314 ᠲᠥᠭᠦᠷᠢᠭ / ᠺᠢᠯᠣᠸᠠᠲ ᠠᠮᠫᠧᠷ᠃ ᠶᠡᠷᠦᠩᠬᠡᠶᠢᠯᠡᠭᠰᠡᠨ ᠭᠠᠵᠠᠷ ᠬᠡᠷᠡᠭᠯᠡᠬᠦ  ᠲᠥᠷᠥᠯ ᠵᠦᠢᠯ ᠢ ᠲᠥᠯᠥᠪᠵᠢᠭᠦᠯᠭᠡ ᠳᠤ ᠲᠣᠳᠣᠷᠬᠠᠶᠢᠯᠠᠭᠰᠠᠨ ᠶᠡᠷᠦᠩᠬᠡᠢ ᠰᠢᠨᠵᠢ ᠴᠢᠨᠠᠷ ᠤᠨ ᠬᠠᠷᠢᠴᠠᠯ ᠶᠣᠰᠣᠭᠠᠷ ᠭᠠᠵᠠᠷ ᠬᠡᠷᠡᠭᠯᠡᠭᠰᠡᠨ ᠲᠠᠯᠠᠪᠠᠶ ᠶᠢ ᠲᠡᠰᠬᠡᠨ ᠨᠣᠭᠳᠠᠭᠤᠯᠵᠤ᠂ ᠣᠨᠴᠣᠭᠤᠶ ᠪᠠᠶᠢᠳᠠᠯ ᠢ ᠨᠢ ᠴᠠᠬᠢᠯᠭᠠᠨ ᠬᠠᠩᠭᠠᠬᠤ ᠺᠣᠮᠫᠠᠨᠢ ᠠᠴᠠ ᠡᠮᠦᠨᠡᠬᠢ ᠬᠤᠭᠤᠴᠠᠭᠠᠨ ᠤ ᠲᠥᠰᠦᠭᠡᠯᠡᠨ ᠪᠣᠳᠣᠯᠲᠠ ᠬᠢᠭᠰᠡᠨ ᠤ ᠳᠠᠷᠠᠭ᠎ᠠ ᠲᠣᠭᠲᠠᠭᠠᠬᠤ ᠬᠡᠷᠡᠭᠲᠡᠶ᠃    ᠲᠣᠰ ︽ᠮᠡᠳᠡᠭᠳᠡᠯ︾᠎ ᠤᠨ ᠲᠤᠷᠰᠢᠨ ᠬᠡᠷᠡᠭᠵᠢᠭᠦᠯᠬᠦ ᠶᠠᠪᠤᠴᠠ ᠳᠤ᠂ ᠬᠡᠷᠪᠡ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠪᠠ ᠪᠣᠳᠠᠲᠠᠶ ᠲᠠᠢ ᠨᠡᠶᠢᠴᠡᠬᠦ ᠥᠬᠡᠶ ᠪᠠᠶᠢᠪᠠᠯ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠷᠣᠶ ᠶᠢᠨ ᠨᠥᠭᠡᠴᠡᠯᠡᠯᠲᠡ ᠶᠢ ᠬᠡᠷᠡᠭᠵᠢᠭᠦᠯᠬᠦ ᠪᠠ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠪᠠ ᠲᠣᠬᠢᠷᠠᠭᠤᠯᠤᠯᠲᠠ ᠬᠢᠨ᠎ᠠ᠃ ᠣᠨᠴᠣᠭᠤᠢ ᠪᠠᠶᠢᠳᠠᠯ ᠳᠣᠤᠷ᠎ᠠ᠂ ᠲᠣᠭᠲᠠᠭᠠᠭᠰᠠᠨ ᠬᠡᠷᠡᠭᠵᠢᠭᠦᠯᠬᠦ ᠲᠥᠷᠥᠯ ᠵᠦᠢᠯ ᠢ ᠲᠥᠰᠦᠭᠡᠯᠡᠨ ᠪᠣᠳᠣᠭᠰᠠᠨ ᠦᠷ᠎ᠡ ᠳ᠋ᠦᠩ ᠶᠣᠰᠣᠭᠠᠷ ᠬᠡᠷᠡᠭᠵᠢᠭᠦᠯᠵᠦ ᠪᠣᠯᠤᠨ᠎ᠠ᠃ ᠨᠥᠭᠡᠴᠡᠯᠡᠬᠦ ᠲᠠᠯᠠᠪᠠᠶ ᠨᠢ ᠨᠡᠯᠢᠶᠡᠳ ᠶᠡᠭᠡ᠂ ᠬᠡᠰᠡᠭ ᠬᠡᠰᠡᠭ ᠢᠶᠠᠷ ᠨᠡᠭᠡᠭᠡᠯᠲᠡ ᠬᠢᠬᠦ ᠳᠤ ᠬᠤᠯᠪᠣᠭᠳᠠᠭᠰᠠᠨ ᠪᠤᠶᠤ ᠴᠠᠬᠢᠯᠭᠠᠨ ᠬᠦᠴᠦᠳᠡᠯ ᠤᠨ ᠵᠡᠷᠭᠡ ᠳᠡᠰ ᠨᠢ 35 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠵᠡᠷᠭᠡ ᠣᠨᠴᠣᠭᠤᠶ ᠲᠥᠷᠥᠯ ᠵᠦᠢᠯ ᠳᠤ ᠲᠤᠰ ︽ᠮᠡᠳᠡᠭᠳᠡᠯ︾᠎ ᠳᠤ ᠲᠣᠭᠲᠠᠭᠠᠭᠰᠠᠨ ᠵᠠᠷᠴᠢᠮ ᠪᠠ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ ᠦᠨᠳᠦᠰᠦᠯᠡᠨ᠂ ︽ᠨᠢᠭᠡ ᠶᠠᠪᠤᠳᠠᠯ ᠢ ᠨᠢᠭᠡ ᠵᠥᠪᠯᠡᠬᠦ︾ ᠵᠠᠷᠴᠢᠮ ᠤᠨ ᠶᠣᠰᠣᠭᠠᠷ ᠵᠠᠯᠭᠠᠵᠤ ᠣᠷᠣᠭᠤᠯᠬᠤ ᠵᠠᠷᠤᠳᠠᠯ ᠤᠨ ᠲᠥᠰᠦᠯ ᠢᠶᠠᠨ ᠲᠣᠳᠣᠷᠬᠠᠶᠢᠯᠠᠬᠤ ᠬᠡᠷᠡᠭᠲᠡᠶ᠃    ᠭᠤᠷᠪᠠ᠂ ᠪᠡᠯᠡ ᠮᠥᠩᠭᠦ ᠶᠢ ᠰᠠᠯᠭᠠᠨ ᠥᠭᠬᠦ ᠪᠠ ᠬᠡᠷᠡᠭᠯᠡᠬᠦ    ︵ᠨᠢᠭᠡ︶ ᠡᠯ᠎ᠡ ᠬᠤᠰᠢᠭᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠲᠣᠰ ︽ᠮᠡᠳᠡᠭᠳᠡᠯ︾᠎ ᠤᠨ ᠠᠭᠤᠯᠭ᠎ᠠ ᠶᠢᠨ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ ᠦᠨᠳᠦᠰᠦᠯᠡᠨ᠂ ᠵᠢᠯ ᠤᠨ ᠬᠠᠩᠭᠠᠬᠤ ᠪᠠᠷ ᠰᠠᠭᠤᠷᠢ ᠲᠤᠭ᠎ᠠ ᠪᠣᠯᠭᠠᠵᠤ᠂ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠤᠭ᠎ᠠ ᠶᠢ ᠲᠣᠭᠠᠴᠠᠭ᠎ᠠ ᠬᠢᠵᠦ ᠲᠣᠭᠲᠠᠭᠠᠵᠤ᠂ ᠣᠨ ᠤ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠣᠷᠣᠯᠭ᠎ᠠ ᠵᠠᠷᠤᠯᠭ᠎ᠠ ᠶᠢᠨ ᠲᠥᠰᠦᠪ ᠲᠤ ᠣᠷᠣᠭᠤᠯᠤᠨ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠤᠨ᠎ᠠ᠃    ︵ᠬᠤᠶᠠᠷ︶ ᠭᠠᠵᠠᠷ ᠰᠢᠷᠣᠶ ᠶᠢᠨ ᠨᠥᠭᠡᠴᠡᠯᠡᠯᠲᠡ ᠶᠢᠨ ᠬᠠᠮᠢᠶ᠎ᠠ ᠪᠦᠬᠦᠢ ᠲᠥᠷᠥᠯ ᠵᠦᠢᠯ ᠢ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠨᠥᠭᠡᠴᠡᠯᠡᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠥᠷᠥᠯ ᠵᠦᠢᠯ ᠢ ᠳᠠᠭᠠᠭᠠᠨ ᠠᠪᠬᠤ ᠭᠤᠤᠯ ᠴᠣᠭᠴᠠ ᠳᠤ ᠨᠠᠶᠢᠳᠠᠨ ᠬᠡᠷᠡᠭᠵᠢᠭᠦᠯᠵᠦ᠂ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠥᠷᠥᠯ ᠵᠦᠢᠯ ᠤᠨ ᠥᠪᠡᠷ ᠤᠨ ᠥᠷᠲᠡᠭ ᠤᠨ ᠳᠣᠲᠣᠷ᠎ᠠ ᠠᠴᠠ ᠨᠢᠭᠡᠳᠦᠯᠲᠡᠶ ᠲᠥᠯᠥᠪᠯᠡᠨ  ᠰᠢᠢᠳᠪᠦᠷᠢᠯᠡᠵᠦ᠂ ᠲᠥᠷᠥᠯ ᠵᠦᠢᠯ ᠤᠨ ᠳᠠᠭᠠᠭᠠᠨ ᠠᠪᠬᠤ ᠭᠤᠤᠯ ᠴᠣᠭᠴᠠ ᠨᠢ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠠᠷᠢᠭᠤᠴᠠᠨ᠎ᠠ᠃    ︵ᠭᠤᠷᠪᠠ︶ ᠭᠠᠵᠠᠷ ᠰᠢᠷᠣᠶ ᠬᠡᠷᠡᠭᠯᠡᠬᠦ ᠲᠥᠯᠥᠪᠵᠢᠭᠦᠯᠭᠡ ᠶᠢᠨ ᠰᠠᠨᠠᠯ ᠢ ᠣᠯᠤᠭᠰᠠᠨ ᠤ ᠳᠠᠷᠠᠭ᠎ᠠ᠂ ᠳᠠᠭᠠᠭᠠᠨ ᠠᠪᠬᠤ ᠭᠤᠤᠯ ᠴᠣᠭᠴᠠ ᠨᠢ ᠴᠠᠬᠢᠯᠭᠠᠨ ᠲᠣᠤᠷ ᠤᠨ ᠠᠵᠤ ᠠᠬᠤᠶᠢᠯᠠᠯ ᠳᠤ ᠮᠡᠳᠡᠭᠳᠡᠵᠦ᠂ ᠴᠠᠬᠢᠯᠭᠠᠨ ᠲᠣᠤᠷ ᠤᠨ ᠠᠵᠤ ᠠᠬᠤᠶᠢᠯᠠᠯ ᠠᠴᠠ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠭᠤᠶᠤᠴᠢᠯᠠᠯ ᠢᠶᠠᠨ ᠳᠤᠷᠠᠳᠴᠤ᠂ ᠳᠠᠭᠠᠭᠠᠨ ᠠᠪᠬᠤ ᠭᠤᠤᠯ ᠴᠣᠭᠴᠠ ᠨᠢ ᠭᠤᠶᠤᠴᠢᠯᠠᠯ ᠢᠶᠠᠨ ᠦᠨᠳᠦᠰᠦᠯᠡᠨ᠂ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠣᠰᠣᠭᠠᠷ 70%᠎ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠠᠬᠢᠯᠭᠠᠨ ᠲᠣᠤᠷ ᠤᠨ ᠠᠵᠤ ᠠᠬᠤᠶᠢᠯᠠᠯ ᠳᠤ ᠰᠠᠯᠭᠠᠨ ᠥᠭᠭᠦᠨ᠎ᠡ᠃    ︵ᠲᠦᠷᠪᠡ︶ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠴᠠᠬᠢᠯᠭᠠᠨ ᠲᠣᠤᠷ ᠤᠨ ᠠᠵᠤ ᠠᠬᠤᠶᠢᠯᠠᠯ ᠠᠴᠠ ᠪᠣᠯᠵᠣᠨ ᠲᠣᠭᠲᠠᠭᠰᠠᠨ ᠬᠠᠨᠳᠤᠯᠭ᠎ᠠ ᠶᠢᠨ ᠶᠣᠰᠣᠭᠠᠷ ᠳᠠᠭᠠᠭᠠᠨ ᠠᠪᠬᠤ ᠭᠤᠤᠯ ᠴᠣᠭᠴᠠ ᠠᠴᠠ ᠦᠯᠡᠳᠡᠭᠰᠡᠨ 30%᠎ ᠶᠢᠨ ᠪᠡᠯᠡ ᠮᠥᠩᠭᠦ ᠶᠢᠨ ᠭᠤᠶᠤᠴᠢᠯᠠᠯ ᠢᠶᠠᠨ ᠳᠤᠷᠠᠳᠴᠤ᠂ ᠳᠠᠭᠠᠭᠠᠨ ᠠᠪᠬᠤ ᠭᠤᠤᠯ ᠴᠣᠭᠴᠠ ᠨᠢ ᠦᠯᠡᠳᠡᠭᠰᠡᠨ ᠵᠣᠭᠤᠰ ᠢ ᠴᠠᠭ ᠲᠤᠬᠠᠶ ᠳᠤᠨᠢ ᠰᠠᠯᠭᠠᠨ ᠥᠭᠬᠦ ᠬᠡᠷᠡᠭᠲᠡᠶ᠃    ᠳᠥᠷᠪᠡ᠂ ᠪᠡᠯᠡ ᠣᠷᠣᠭᠤᠯᠤᠯᠲᠠ ᠶᠢᠨ ᠬᠤᠪᠢᠶᠠᠷᠢᠯᠠᠯ    ᠨᠥᠭᠡᠴᠡ ᠭᠠᠵᠠᠷ ᠰᠢᠷᠣᠶ ᠯᠤᠭ᠎ᠠ ᠬᠤᠯᠪᠣᠭᠳᠠᠬᠤ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠵᠠᠭᠠᠭ ᠬᠢᠵᠠᠭᠠᠷ ᠢ ᠬᠡᠷᠡᠭᠯᠡᠭᠴᠢ ᠶᠢᠨ ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ ᠤᠯᠠᠭᠠᠨ ᠱᠤᠭᠤᠮ ᠬᠦᠷᠲᠡᠯ᠎ᠡ ᠤᠷᠲᠤᠳᠬᠠᠬᠤ ᠬᠡᠷᠡᠭᠲᠡᠶ᠃ ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ ᠤᠯᠠᠭᠠᠨ ᠱᠤᠭᠤᠮ ᠤᠨ ᠭᠠᠵᠠᠷ ᠨᠢ ᠪᠦᠲᠦᠭᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠡᠳᠦᠶ ᠪᠣᠯ ᠴᠠᠬᠢᠯᠭᠠᠨ ᠲᠣᠤᠷ ᠤᠨ ᠠᠵᠤ ᠠᠬᠤᠶᠢᠯᠠᠯ ᠪᠣᠯᠤᠨ ᠬᠡᠷᠡᠭᠯᠡᠭᠴᠢᠳ ᠵᠥᠪᠳᠡᠯᠴᠡᠭᠡᠳ ᠳᠣᠭᠳᠠᠵᠦ᠂ ᠪᠣᠳᠠᠲᠤ ᠪᠠᠶᠢᠳᠠᠯ ᠢᠶᠠᠨ ᠦᠨᠳᠦᠰᠦᠯᠡᠨ ᠵᠣᠬᠢᠰᠲᠠᠶ ᠲᠣᠬᠢᠷᠠᠭᠤᠯᠤᠯᠲᠠ ᠬᠢᠵᠦ ᠪᠣᠯᠤᠨ᠎ᠠ᠃ ᠴᠠᠬᠢᠯᠭᠠᠨ ᠬᠦᠴᠦᠨ ᠤ ᠬᠡᠯᠬᠢᠶ᠎ᠡ ᠶᠢᠨ ᠰᠠᠭᠠᠲᠠᠯ ᠭᠠᠷᠬᠤ ᠶᠢ ᠪᠠᠭᠠᠰᠬᠠᠬᠤ ᠶᠢᠨ ᠲᠤᠰᠠᠳᠠ᠂ ᠢᠷᠡᠭᠡᠳᠦᠶ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠨᠢᠭᠡᠳᠦᠯᠲᠡᠶ ᠪᠣᠳᠣᠯᠬᠢᠯᠠᠵᠤ᠂ ᠣᠨᠴᠣᠭᠤᠶ ᠪᠠᠶᠢᠳᠠᠯ ᠳᠣᠤᠷ᠎ᠠ᠂ ᠪᠡᠯᠡ ᠣᠷᠣᠭᠤᠯᠤᠯᠲᠠ ᠶᠢᠨ ᠵᠠᠭᠠᠭ ᠬᠡᠪᠴᠢᠶ᠎ᠡ ᠪᠠᠨ ᠬᠡᠷᠡᠭᠯᠡᠭᠴᠢ ᠶᠢᠨ ᠴᠠᠬᠢᠯᠭᠠᠨ ᠲᠦᠭᠡᠭᠡᠬᠦ ᠲᠠᠰᠤᠭ ᠲᠤ ᠬᠦᠷᠲᠡᠯ᠎ᠡ ᠤᠷᠲᠤᠳᠬᠠᠬᠤ ᠬᠡᠷᠡᠭᠲᠡᠶ᠃ ᠬᠡᠷᠡᠭᠯᠡᠭᠴᠢ ᠪᠠᠷᠢᠯᠭ᠎ᠠ ᠶᠢᠨ ᠣᠷᠣᠨ ᠤ ᠬᠤᠪᠢᠶᠠᠷᠯᠠᠯ ᠤᠨ ᠤᠯᠠᠭᠠᠨ ᠱᠤᠭᠤᠮ ᠠᠴᠠ ᠭᠠᠳᠠᠨ᠎ᠠ ᠪᠤᠢ ᠪᠣᠯᠤᠭᠰᠠᠨ ᠶᠠᠮᠠᠷ ᠴᠤ ᠵᠠᠷᠤᠳᠠᠯ ᠢ ᠡᠭᠦᠷᠭᠡᠯᠡᠵᠦ ᠪᠣᠯᠬᠤ ‍ᠦᠭᠡᠢ᠃    ᠲᠠᠪᠤ᠂ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠠᠵᠢᠯᠯᠠᠭ᠎ᠠ    ᠬᠡᠷᠡᠭᠯᠡᠬᠦ ᠭᠠᠵᠠᠷ ᠨᠢ ᠲᠥᠯᠥᠪᠵᠢᠭᠦᠯᠭᠡ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠴᠠᠬᠢᠯᠭᠠᠨ ᠲᠣᠤᠷ ᠤᠨ ᠠᠵᠤ ᠠᠬᠤᠶᠢᠯᠠᠯ ᠨᠢ ᠴᠠᠬᠢᠯᠭᠠᠨ ᠬᠦᠴᠦᠨ ᠤ ᠢᠨᠵᠧᠨᠧᠷᠢᠩ ᠤᠨ ᠬᠡᠷᠡᠭᠰᠡᠬᠦ ᠱᠤᠭᠤᠮ ᠤᠨ ᠨᠡᠪᠲᠡᠷᠡᠬᠦ ᠵᠠᠮ᠂ ᠴᠠᠬᠢᠯᠭᠠᠨ ᠣᠳᠠᠰᠣ ᠬᠤᠭᠤᠯᠠᠶ ᠬᠤᠩᠭᠢᠯ᠂ ᠪᠡᠯᠡᠳᠬᠡᠮᠵᠢ ᠵᠡᠷᠭᠡ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠬᠠᠷᠢᠭᠤᠴᠠᠨ ᠲᠣᠭᠲᠠᠭᠠᠬᠤ ᠬᠡᠷᠡᠭᠲᠡᠶ᠃ ᠲᠥᠯᠥᠪᠵᠢᠭᠦᠯᠭᠡ ᠠᠴᠠ ᠪᠣᠯᠵᠤ ᠴᠠᠬᠢᠯᠭᠠᠨ ᠬᠦᠴᠦᠨ ᠤ ᠱᠤᠭᠤᠮ ᠤᠨ ᠳᠣᠤᠷ᠎ᠠ ᠭᠠᠵᠠᠷ ᠢ ᠨᠦᠬᠡᠨ ᠬᠤᠩᠭᠢᠯ ᠳᠤ ᠣᠷᠣᠭᠤᠯᠬᠤ ᠴᠢᠬᠤᠯᠠ ᠲᠠᠢ ᠪᠣᠯ ᠬᠡᠷᠡᠭᠰᠡᠬᠦ ᠱᠤᠭᠤᠮ ᠤᠨ ᠨᠡᠪᠲᠡᠷᠡᠬᠦ ᠵᠠᠮ᠂ ᠴᠠᠬᠢᠯᠭᠠᠨ ᠣᠳᠠᠰᠣ ᠬᠤᠭᠤᠯᠠᠶ ᠬᠤᠩᠭᠢᠯ ᠵᠡᠷᠭᠡ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠬᠠᠷᠢᠭᠤᠴᠠᠨ ᠪᠥᠲᠥᠭᠡᠨ ᠪᠠᠶᠢᠭᠤᠯᠤᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠴᠠᠬᠢᠯᠭᠠᠨ ᠤ ᠬᠡᠰᠡᠭ ᠥᠮᠴᠢᠯᠡᠬᠦ ᠡᠷᠬᠡ ᠶᠢ ᠴᠠᠬᠢᠯᠭᠠᠨ ᠲᠣᠤᠷ ᠤᠨ ᠠᠵᠤ ᠠᠬᠤᠶᠢᠯᠠᠯ ᠳᠤ ᠰᠢᠯᠵᠢᠭᠦᠯᠦᠨ ᠥᠭᠴᠦ᠂ ᠴᠠᠬᠢᠯᠭᠠᠨ ᠲᠣᠤᠷ ᠤᠨ ᠠᠵᠤ ᠠᠬᠤᠶᠢᠯᠠᠯ ᠠᠴᠠ ᠠᠵᠢᠯᠯᠠᠭᠤᠯᠤᠨ ᠬᠠᠮᠠᠭᠠᠯᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠲᠤ ᠣᠷᠣᠭᠤᠯᠤᠨ᠎ᠠ︔ ᠰᠢᠷᠣᠶ ᠶᠢᠨ ᠪᠠᠷᠢᠯᠭ᠎ᠠ ᠶᠢᠨ ᠬᠡᠰᠡᠭ ︵ᠵᠠᠮ ᠱᠤᠭᠤᠮ ᠂ ᠴᠠᠬᠢᠯᠭᠠᠨ ᠣᠳᠠᠰᠣ ᠬᠤᠭᠤᠯᠠᠶ ᠬᠤᠩᠭᠢᠯ ᠵᠡᠷᠭᠡ︶᠎ ᠤᠨ ᠥᠮᠴᠢᠯᠡᠬᠦ ᠡᠷᠬᠡ ᠮᠥᠨ ᠬᠦ ᠣᠷᠣᠨ ᠨᠤᠲᠤᠭ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠴᠠᠬᠢᠯᠭᠠᠨ ᠲᠣᠤᠷ ᠤᠨ ᠠᠵᠤ ᠠᠬᠤᠶᠢᠯᠠᠯ ᠬᠡᠷᠡᠭᠯᠡᠨ᠎ᠡ᠃    ᠵᠢᠷᠭᠤᠭ᠎ᠠ᠂ ᠪᠤᠰᠤᠳ ᠵᠦᠢᠯ    ︵ᠨᠢᠭᠡ︶ ᠴᠠᠬᠢᠯᠭᠠᠨ ᠲᠣᠤᠷ ᠤᠨ ᠠᠵᠤ ᠠᠬᠤᠶᠢᠯᠠᠯ ᠭᠠᠵᠠᠷ ᠣᠷᠣᠨ ᠤ ᠴᠠᠬᠢᠯᠭᠠᠨ ᠲᠣᠤᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠶᠢᠨ ᠲᠤᠰᠠᠳᠠ᠂ ᠴᠠᠬᠢᠯᠭᠠᠨ ᠬᠠᠩᠭᠠᠬᠤ ᠪᠡᠯᠡᠳᠬᠡᠮᠵᠢ ᠶᠢᠨ ᠴᠠᠬᠢᠯᠭᠠᠨ ᠬᠠᠩᠭᠠᠬᠤ ᠪᠠᠭᠲᠠᠭᠠᠮᠵᠢ ᠶᠢ ᠳᠡᠭᠡᠭᠰᠢᠯᠡᠭᠦᠯᠬᠦ ᠪᠠ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠪᠤᠰᠤᠳ ᠠᠷᠭ᠎ᠠ ᠬᠡᠮᠵᠢᠶ᠎ᠡ ᠶᠢ ᠠᠪᠤᠭᠰᠠᠨ ᠠᠴᠠ ᠪᠣᠯᠣᠭᠠᠳ ᠲᠣᠭᠲᠠᠭᠰᠠᠨ ᠲᠣᠭᠠᠨ ᠤ ᠪᠠᠷᠢᠮᠵᠢᠶ᠎ᠠ ᠠᠴᠠ ᠬᠡᠲᠦᠷᠡᠭᠰᠡᠨ ᠵᠠᠷᠤᠳᠠᠯ ᠢ ᠴᠠᠬᠢᠯᠭᠠᠨ ᠲᠣᠤᠷ ᠤᠨ ᠠᠵᠤ ᠠᠬᠤᠶᠢᠯᠠᠯ ᠡᠭᠦᠷᠭᠡᠯᠡᠨ᠎ᠡ᠃    ︵ᠬᠤᠶᠠᠷ︶ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢ ᠲᠥᠷᠥᠯ ᠵᠦᠢᠯ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠪᠤᠰᠤᠳ ᠵᠠᠮ᠂ ᠤᠰᠤ ᠬᠡᠢ ᠳᠤᠯᠠᠭᠠᠯᠠᠭ᠎ᠠ ᠵᠡᠷᠭᠡ ᠰᠠᠭᠤᠷᠢ ᠪᠡᠯᠡᠳᠬᠡᠮᠵᠢ ᠲᠠᠢ ᠨᠢᠭᠡᠳᠦᠯᠲᠡᠶ ᠲᠥᠯᠥᠪᠵᠢᠭᠦᠯᠬᠦ᠂ ᠵᠡᠷᠭᠡ ᠳᠤᠨᠢ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠵᠠᠰᠠᠭ ᠤᠨ ᠣᠷᠳᠣᠨ ᠠᠴᠠ ᠰᠢᠭᠤᠳ ᠪᠡᠯᠡ ᠣᠷᠣᠭᠤᠯᠬᠤ ᠪᠠ ᠬᠠᠷᠢᠭᠤᠴᠠᠨ ᠪᠦᠲᠦᠭᠡᠨ ᠪᠠᠶᠢᠭᠤᠯᠵᠤ ᠪᠣᠯᠤᠨ᠎ᠠ᠃    ︵ᠭᠤᠷᠪᠠ᠂ ᠲᠤᠰ ︽ᠮᠡᠳᠡᠭᠳᠡᠯ︾᠎ ᠳᠤ ᠬᠡᠯᠡᠵᠦ ᠪᠠᠶᠢᠭ᠎ᠠ ᠴᠠᠬᠢᠯᠭᠠᠨ ᠲᠣᠤᠷ ᠤᠨ ᠠᠵᠤ ᠠᠬᠤᠶᠢᠯᠠᠯ ᠭᠡᠳᠡᠭ ᠨᠢ ᠬᠠᠤᠯᠢ ᠶᠣᠰᠣᠭᠠᠷ ︽ᠴᠠᠬᠢᠯᠭᠠᠨ ᠬᠦᠴᠦᠨ ᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠤᠨ ᠦᠨᠡᠮᠯᠡᠯ ︵ᠴᠠᠬᠢᠯᠭᠠᠨ ᠬᠠᠩᠭᠠᠬᠤ ᠲᠥᠷᠥᠯ︶︾᠎ ᠢ ᠣᠯᠵᠦ᠂ ᠴᠠᠬᠢᠯᠭᠠᠨ ᠲᠣᠤᠷ ᠤᠨ ᠪᠡᠯᠡᠳᠬᠡᠮᠵᠢ ᠶᠢᠨ ᠡᠵᠡᠩᠨᠡᠯᠲᠡ᠂ ᠴᠠᠬᠢᠯᠭᠠᠨ ᠬᠦᠷᠭᠡᠬᠦ ᠪᠤᠶᠤ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ᠂ ᠴᠠᠬᠢᠯᠭᠠᠨ ᠬᠠᠩᠭᠠᠬᠤ ᠺᠣᠮᠫᠠᠨᠢ ᠪᠤᠶᠤ ᠴᠠᠬᠢᠯᠭᠠᠨ ᠬᠤᠳᠠᠯᠳᠤᠬᠤ ᠺᠣᠮᠫᠠᠨᠢ ᠶᠢ ᠵᠢᠭᠠᠵᠤ ᠪᠤᠶ  ᠃    ᠲᠣᠰ ︽ᠮᠡᠳᠡᠭᠳᠡᠯ︾᠎ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2024᠎ ᠤᠨ 12 ᠰᠠᠷ᠎ᠠ ᠶᠢᠨ 31᠎ ᠤ ᠡᠳᠦᠷ ᠪᠣᠯᠲᠠᠯ᠎ᠠ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠤᠨ᠎ᠠ᠃    ᠣᠨᠴᠣᠭᠤᠶᠢᠯᠠᠨ ᠮᠡᠳᠡᠭᠳᠡᠪᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号