ᠠᠯᠠᠱᠠ ᠵᠡᠭᠦᠨ ᠬᠤᠰᠢᠭᠤ 2024 ᠣᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠢ ᠵᠠᠰᠠᠨ ᠴᠡᠭᠴᠡᠯᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/1/23
    ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ︽ᠠᠮᠤᠷ ᠲᠦᠪᠰᠢᠨ ᠢ ᠰᠠᠬᠢᠨ ᠬᠠᠮᠠᠭᠠᠯᠠᠬᠤ︾ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠭᠠᠯ ᠤᠨᠲᠠᠷᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠪᠠᠶᠠᠨᠬᠤᠲᠠ ᠪᠠᠯᠭᠠᠰᠤᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠲᠤᠰᠬᠠᠶ ᠪᠠᠶᠢᠴᠠᠭᠠᠯᠲᠠ ᠥᠷᠨᠢᠭᠦᠯᠪᠡ᠃
    ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠰᠣᠯᠢᠯᠴᠠᠬᠤ᠂ ᠡᠬᠡ ᠲᠠᠩᠰᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨᠵᠢᠯᠡᠭᠡᠨ ᠤ ᠲᠥᠷᠥᠯ ᠤᠨ ᠨᠡᠷ᠎ᠡ ᠪᠠᠨ ᠬᠤᠪᠢᠷᠠᠭᠤᠯᠣᠭᠰᠠᠨ ᠪᠣᠯᠪᠠᠰᠤᠷᠠᠯ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠦᠢᠯᠡᠴᠢᠯᠡᠭᠡᠨ ᠤ ᠭᠡᠷ᠎ᠡ ᠲᠣᠭᠲᠠᠭᠰᠠᠨ ᠵᠢᠴᠢ ᠲᠠᠯᠠᠪᠤᠷ ᠭᠠᠵᠠᠷ ᠤᠨ ᠠᠮᠤᠷ ᠲᠦᠪᠰᠢᠨ᠂ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂  ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ᠃
     ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠤᠲᠠ ᠶᠢᠨ ᠬᠢᠨᠠᠯᠲᠠ ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ︽ᠬᠤᠶᠠᠷ ᠢ ᠬᠦᠩᠭᠡᠷᠡᠬᠦᠯᠬᠦ︾ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠬᠤ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠬᠤ ᠠᠵᠢᠯᠯᠠᠭ᠎ᠠ ᠡᠭᠦᠰᠬᠦ ᠶᠢ ᠰᠡᠷᠭᠡᠶᠢᠯᠡᠵᠦ᠂ ᠰᠣᠷᠣᠭᠴᠢ ᠶᠢᠨ ᠬᠡᠷ ᠤᠨ ᠠᠬᠠᠮᠠᠳ ᠢ ᠢᠳᠡᠪᠬᠢᠲᠡᠶ ᠬᠥᠲᠥᠯᠦᠨ ᠵᠢᠯᠣᠭᠤᠳᠴᠤ ᠪᠠᠶᠢᠭᠠᠳ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠬᠤ ᠶᠢ ᠤᠬᠠᠮᠰᠠᠷ ᠠᠴᠠ ᠪᠠᠨ ᠬᠤᠷᠢᠭᠯᠠᠵᠤ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号