ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ︽ᠪᠤᠭᠤᠷᠤᠯᠴᠤᠳ ᠤᠨ ᠠᠵᠤ | ᠠᠬᠤᠢ ᠶᠢ ᠬᠥᠭᠵᠢᠭᠦᠯᠵᠦ ᠨᠠᠰᠤᠲᠠᠶᠢᠴᠤᠳ ᠤᠨ ᠠᠵᠠ ᠵᠢᠷᠭᠠᠯ ᠢ ᠨᠡᠮᠡᠭᠳᠡᠭᠦᠯᠬᠦ ᠲᠤᠬᠠᠢ ᠰᠠᠨᠠᠯ︾ ︵ᠳᠣᠷᠣᠭᠰᠢ ︽ | ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠪᠤᠭᠤᠷᠤᠯᠴᠤᠳ ᠤᠨ ᠠᠵᠤ ᠠᠬᠤᠢ ᠪᠣᠯ ᠨᠠᠰᠤᠲᠠᠶᠢᠴᠤᠳ ᠲᠤ ᠦᠢᠯᠡᠳᠬᠦᠨ ᠪᠤᠶᠤ ᠦᠢᠯᠡᠴᠢᠯᠡᠭᠡ ᠬᠠᠩᠭᠠᠬᠤ | ᠵᠢᠴᠢ ᠨᠠᠰᠤᠵᠢᠯ ᠤᠨ ᠱᠠᠲᠤ ᠦᠶ᠎ᠡ ᠳᠤ ᠪᠡᠯᠡᠳᠬᠡᠯ ᠬᠢᠬᠦ ᠵᠡᠷᠭᠡ ᠠᠯᠢ ᠣᠯᠠᠨ ᠠᠵᠤ ᠠᠬᠤᠢ ᠶᠢᠨ ᠠᠵᠢᠯᠯᠠᠭ᠎ᠠ ᠶᠢᠨ | ᠨᠡᠶᠢᠯᠡᠪᠦᠷᠢ ᠪᠠᠶᠢᠵᠤ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠠᠵᠤ ᠦᠢᠯᠡᠰ ᠤᠨ ᠬᠡᠯᠬᠢᠶ᠎ᠡ ᠤᠷᠲᠤ᠂ | ᠡᠵᠡᠩᠨᠡᠯᠲᠡ ᠶᠢᠨ ᠭᠡᠯᠪᠡᠷᠢ ᠣᠯᠠᠨ ᠡᠰᠢᠵᠢᠵᠦ᠂ ᠳᠠᠯᠳᠠ ᠬᠦᠴᠦᠨ ᠢᠶᠠᠷ ᠯᠤᠲᠤ ᠶᠡᠭᠡ ᠪᠠᠶᠢᠳᠠᠭ᠃ ᠬᠥᠮᠥᠨ ᠠᠮᠠ ᠶᠢᠨ | ᠨᠠᠰᠤᠵᠢᠯ ᠢ ᠢᠳᠡᠪᠬᠢᠲᠡᠢ ᠠᠷᠭᠠᠴᠠᠭᠠᠵᠤ᠂ ᠠᠵᠢᠯ ᠦᠢᠯᠡᠰ ᠠᠵᠤ ᠦᠢᠯᠡᠰ ᠤᠨ ᠬᠠᠮᠵᠢᠯᠴᠠᠭ᠎ᠠ ᠶᠢ ᠠᠬᠢᠭᠤᠯᠤᠨ᠂ | ᠪᠤᠭᠤᠷᠤᠯᠴᠤᠳ ᠤᠨ ᠠᠵᠤ ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠪᠦᠯᠦᠭᠵᠢᠭᠰᠡᠨ᠂ ᠲᠥᠷᠥᠯ | ᠲᠡᠮᠳᠡᠭᠵᠢᠭᠰᠡᠨ ᠬᠥᠭᠵᠢᠯᠲᠡ ᠶᠢ ᠲᠦᠷᠭᠡᠳᠬᠡᠵᠦ᠂ ᠳᠡᠭᠡᠳᠦ ᠳᠡᠰ ᠤᠨ ᠨᠠᠷᠢᠯᠢᠭᠵᠢᠭᠰᠠᠨ ᠣᠷᠣᠶᠢᠯᠠᠭᠰᠠᠨ ᠦᠢᠯᠡᠳᠬᠦᠨ | ᠪᠠ ᠴᠢᠨᠠᠷ ᠰᠠᠶᠢᠲᠠᠢ ᠦᠢᠯᠡᠴᠢᠯᠡᠭᠡᠨ ᠤ ᠵᠠᠭᠪᠤᠷ ᠢ ᠪᠣᠶᠢᠵᠢᠭᠤᠯᠤᠨ᠂ ᠨᠠᠰᠤᠲᠠᠶᠢᠴᠤᠳ ᠲᠤ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠥᠩᠭᠡᠷᠡᠭᠦᠯᠬᠦ ᠶᠢᠨ ᠲᠥᠯᠥᠭᠡ᠂ | ︽ᠰᠠᠨᠠᠯ︾ ᠳᠤ 4 ᠲᠠᠯ᠎ᠠ ᠶᠢᠨ 26 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠨᠢᠭᠡ ᠳᠤ᠂ ᠠᠷᠠᠳ ᠤᠨ ᠠᠮᠢᠳᠤᠷᠠᠯ ᠤᠨ ᠦᠢᠯᠡᠰ ᠢ ᠬᠥᠭᠵᠢᠭᠦᠯᠵᠦ᠂ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠢᠳᠡᠭᠡᠨ ᠤᠮᠳᠠᠭᠠᠨ ᠤ ᠠᠵᠤ ᠠᠬᠤᠶᠢᠯᠠᠯ᠂ ᠨᠠᠰᠤᠵᠢᠯ ᠤᠨ | ᠪᠠᠶᠢᠭᠤᠯᠤᠮᠵᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠨᠠᠰᠤᠲᠠᠶᠢᠴᠤᠳ ᠤᠨ ᠬᠤᠭᠤᠯᠠ ᠤᠮᠳᠠ ᠳᠤ | ᠲᠤᠰᠠᠯᠠᠬᠤ ᠦᠢᠯᠡᠴᠢᠯᠡᠭᠡ ᠥᠷᠨᠢᠭᠦᠯᠦᠨ᠎ᠡ᠃ ᠭᠡᠷ ᠲᠡᠭᠡᠨ ᠰᠠᠭᠤᠭᠰᠠᠨ ᠨᠠᠰᠤᠲᠠᠶᠢᠴᠤᠳ ᠢ ᠲᠤᠰᠠᠯᠠᠬᠤ | ᠦᠢᠯᠡᠴᠢᠯᠡᠭᠡ ᠶᠢ ᠥᠷᠭᠡᠳᠬᠡᠵᠦ᠂ ᠨᠡᠶᠢᠭᠡᠮ ᠲᠣᠭᠤᠷᠢᠭ ᠤᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠶᠢ | ᠬᠥᠭᠵᠢᠭᠦᠯᠦᠨ᠂ ᠨᠠᠰᠤᠲᠠᠶᠢᠴᠤᠳ ᠤᠨ ᠡᠳᠦᠷ ᠲᠤᠲᠤᠮ ᠤᠨ ᠬᠡᠷᠡᠭᠯᠡᠭᠡᠨ ᠤ ᠦᠢᠯᠡᠳᠬᠦᠨ ᠤ ᠪᠣᠳᠠᠲᠤ ᠴᠣᠭᠴᠠ ᠶᠢᠨ | ᠳᠡᠯᠭᠡᠭᠦᠷ ᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠪᠠᠶᠢᠷᠢᠰᠢᠭᠤᠯᠵᠤ᠂ ᠨᠡᠶᠢᠭᠡᠮ ᠲᠣᠭᠤᠷᠢᠭ ᠤᠨ | ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠬᠥᠭᠵᠢᠭᠦᠯᠦᠨ᠎ᠡ᠃ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ | ᠬᠤᠷᠢᠶ᠎ᠠ ᠶᠢᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ | ᠡᠮᠴᠢᠯᠡᠭᠡ ᠨᠠᠰᠤᠵᠢᠯ ᠢ ᠤᠶᠠᠯᠳᠤᠭᠤᠯᠬᠤ ᠶᠢ ᠠᠬᠢᠭᠤᠯᠤᠨ᠎ᠠ᠃ ᠨᠠᠰᠤᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ | ᠪᠠ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠶᠢᠴᠤᠳ ᠢ | ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠰᠤᠲᠠᠶᠢᠴᠤᠳ ᠤᠨ ᠰᠣᠶᠣᠯ | ᠪᠡᠶ᠎ᠡ ᠶᠢᠨ ᠲᠠᠮᠢᠷ ᠤᠨ ᠦᠢᠯᠡᠴᠢᠯᠡᠭᠡᠨ ᠢ ᠪᠠᠶᠠᠯᠢᠭᠵᠢᠭᠤᠯᠵᠤ᠂ ᠨᠠᠰᠤᠲᠠᠶᠢᠴᠤᠳ ᠲᠤ ᠲᠣᠬᠢᠷᠠᠬᠤ ᠡᠯ᠎ᠡ ᠲᠥᠷᠥᠯ ᠤᠨ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠳᠡᠭᠡ | ᠲᠣᠰᠬᠤᠨ ᠤ ᠨᠠᠰᠤᠵᠢᠯ ᠤᠨ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ | ᠬᠤᠶᠠᠷ ᠲᠤ᠂ ᠦᠢᠯᠡᠳᠬᠦᠨ ᠤ ᠬᠠᠩᠭᠠᠯᠭ᠎ᠠ ᠶᠢ ᠥᠷᠭᠡᠳᠬᠡᠵᠦ᠂ ᠶᠠᠰᠤ ᠴᠢᠨᠠᠷ ᠤᠨ ᠲᠦᠪᠰᠢᠨ ᠢ | ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠵᠢᠱᠢᠶ᠎ᠡ | ᠦᠵᠡᠭᠦᠯᠭᠦ ᠦᠢᠯᠡᠳᠦᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠮᠢᠳᠤᠯᠢᠭ ᠬᠦᠴᠦᠨ ᠤ | ᠦᠢᠯᠡᠳᠦᠯ ᠢ ᠪᠠᠳᠠᠷᠠᠭᠤᠯᠤᠨ᠎ᠠ᠃ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ 10 ᠰᠢᠬᠠᠮ | ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ | ᠲᠥᠯᠥᠪᠵᠢᠭᠦᠯᠦᠨ ᠪᠠᠶᠢᠷᠢᠰᠢᠭᠤᠯᠤᠨ᠎ᠠ᠃ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠠᠮᠲᠤᠷᠠᠯᠴᠠᠭᠠᠨ ᠤ ᠲᠠᠪᠴᠠᠩ ᠪᠤᠶᠤ ᠬᠤᠯᠪᠣᠭᠠᠲᠤ ᠴᠣᠭᠴᠠ | ᠪᠠᠶᠢᠭᠤᠯᠬᠤ ᠶᠢ ᠳᠡᠮᠵᠢᠨ᠎ᠡ᠃ ᠲᠦᠷᠦᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ ᠪᠤᠭᠤᠷᠤᠯᠴᠤᠳ ᠤᠨ ᠠᠵᠤ | ᠠᠬᠤᠢ ᠶᠢᠨ ᠬᠦᠷᠢᠶᠡᠨ ᠤ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠥᠨᠳᠥᠷ ᠪᠠᠷᠢᠮᠵᠢᠶ᠎ᠠ ᠪᠠᠷ | ᠳᠠᠭᠠᠭᠤᠯᠤᠨ ᠠᠶᠠᠯᠠᠬᠤ ᠠᠵᠢᠯᠯᠠᠭ᠎ᠠ ᠶᠢ ᠥᠷᠨᠢᠭᠦᠯᠵᠦ᠂ ᠨᠠᠰᠤᠵᠢᠯ ᠤᠨ ᠦᠢᠯᠡᠴᠢᠯᠡᠭᠡ᠂ ᠨᠠᠰᠤᠵᠢᠯ ᠳᠤ ᠲᠣᠬᠢᠷᠠᠬᠤ | ᠥᠭᠡᠷᠡᠴᠢᠯᠡᠯᠲᠡ ᠵᠡᠷᠭᠡ ᠬᠦᠷᠢᠶᠡᠨ ᠳᠤ ᠪᠠᠷᠢᠮᠵᠢᠶᠠᠵᠢᠭᠰᠠᠨ ᠲᠤᠷᠰᠢᠯᠲᠠ ᠶᠢ ᠥᠷᠨᠢᠭᠦᠯᠦᠨ᠎ᠡ᠃ ᠬᠡᠷᠡᠭᠯᠡᠭᠡᠨ ᠤ | ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠡᠯᠧᠺᠲᠷᠣᠨ ᠬᠤᠳᠠᠯᠳᠤᠭᠠᠨ ᠤ ᠲᠠᠪᠴᠠᠩ᠂ ᠲᠣᠮᠣ ᠭᠡᠯᠪᠡᠷᠢ ᠶᠢᠨ | ᠬᠤᠳᠠᠯᠳᠤᠭᠠᠨ ᠤ ᠭᠡᠲᠦ ᠳᠡᠯᠭᠡᠭᠦᠷ ᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠰᠡᠳᠦᠪᠲᠦ ᠪᠠᠷᠠᠭ᠎ᠠ ᠬᠤᠳᠠᠯᠳᠤᠨ | ᠠᠪᠬᠤ ᠨᠠᠶᠢᠷ ᠡᠷᠭᠢᠯᠡᠭᠦᠯᠵᠦ᠂ ᠪᠤᠭᠤᠷᠤᠯᠴᠤᠳ ᠤᠨ ᠬᠡᠷᠡᠭᠯᠡᠭᠡᠨ ᠤ ᠲᠤᠰᠬᠠᠢ ᠲᠣᠭᠤᠷᠢᠭ ᠪᠠᠶᠢᠭᠤᠯᠬᠤ ᠶᠢ ᠳᠡᠮᠵᠢᠨ᠎ᠡ᠃ | ᠭᠤᠷᠪᠠ ᠳᠤ᠂ ᠣᠯᠠᠨ ᠶᠠᠩᠵᠤ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠦᠴᠦᠨ ᠤ | ᠠᠵᠤ ᠦᠢᠯᠡᠰ ᠢ ᠪᠣᠶᠢᠵᠢᠭᠤᠯᠤᠨ᠎ᠠ᠃ ᠨᠠᠰᠤᠲᠠᠶᠢᠴᠤᠳ ᠤᠨ ᠬᠡᠷᠡᠭᠰᠡᠯ ᠤᠨ ᠰᠢᠨ᠎ᠡ ᠶᠢ ᠡᠭᠦᠳᠬᠦ ᠶᠢ ᠴᠢᠩᠭᠠᠷᠠᠭᠤᠯᠵᠤ᠂ | ᠣᠶᠤᠨᠴᠢ ᠡᠷᠡᠭᠦᠯ ᠮᠡᠨᠳᠦ ᠨᠠᠰᠤᠵᠢᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶ ᠪᠤᠯᠭᠠᠵᠤ᠂ ᠣᠶᠤᠨᠴᠢ | ᠰᠤᠪᠢᠯᠠᠯᠲᠠ ᠶᠢᠨ ᠮᠠᠰᠢᠨ ᠬᠥᠮᠥᠨ᠂ ᠭᠡᠷ ᠪᠦᠯᠢ ᠶᠢᠨ ᠦᠢᠯᠡᠴᠢᠯᠡᠭᠡᠨ ᠤ ᠮᠠᠰᠢᠨ ᠬᠥᠮᠥᠨ ᠢ ᠳᠡᠯᠭᠡᠷᠡᠭᠦᠯᠦᠨ ᠬᠡᠷᠡᠭᠯᠡᠵᠦ᠂ | ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠥᠲᠡᠯᠬᠦ ᠶᠢ | ᠤᠳᠠᠭᠠᠰᠢᠷᠠᠭᠤᠯᠬᠤ ᠠᠵᠤ ᠦᠢᠯᠡᠰ ᠢ ᠬᠥᠭᠵᠢᠭᠦᠯᠵᠦ᠂ ᠠᠮᠢᠳᠤ ᠪᠣᠳᠠᠰ ᠤᠨ ᠮᠡᠷᠭᠡᠵᠢᠯ ᠬᠢᠭᠡᠳ ᠥᠲᠡᠭᠦᠰ ᠤᠨ | ᠡᠪᠡᠳᠴᠢᠨ ᠢ ᠨᠠᠮᠳᠠᠭᠠᠬᠤ ᠶᠢ ᠭᠦᠨ ᠠᠭᠤᠰᠤᠯᠴᠠᠬᠤ ᠶᠢ ᠠᠬᠢᠭᠤᠯᠵᠤ᠂ ᠥᠲᠡᠭᠦᠰ ᠤᠨ ᠡᠪᠡᠳᠴᠢᠨ ᠢ ᠡᠷᠲᠡ ᠠᠴᠠ | ᠰᠢᠭᠰᠢᠨ ᠪᠠᠶᠢᠴᠠᠭᠠᠬᠤ ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠦᠨ᠎ᠡ᠃ ᠨᠠᠰᠤᠵᠢᠯ ᠤᠨ ᠮᠥᠩᠭᠦᠨ | ᠭᠦᠢᠯᠭᠡᠭᠡᠨ ᠤ ᠦᠢᠯᠡᠳᠬᠦᠨ ᠢ ᠪᠠᠶᠠᠯᠢᠭᠵᠢᠭᠤᠯᠤᠨ ᠬᠥᠭᠵᠢᠭᠦᠯᠵᠦ᠂ ᠨᠠᠰᠤᠵᠢᠯ ᠤᠨ ᠮᠥᠩᠭᠦᠨ ᠭᠦᠢᠯᠭᠡᠭᠡᠨ ᠤ | ᠦᠢᠯᠡᠳᠬᠦᠨ ᠢ ᠰᠤᠳᠤᠯᠤᠨ ᠨᠡᠭᠡᠭᠡᠬᠦ ᠪᠠ ᠡᠷᠡᠭᠦᠯᠵᠢᠯ᠂ ᠨᠠᠰᠤᠵᠢᠯ ᠤᠨ ᠬᠠᠷᠠᠭᠠᠯᠵᠠᠨ ᠠᠰᠠᠷᠠᠬᠤ ᠵᠡᠷᠭᠡ | ᠦᠢᠯᠡᠴᠢᠯᠡᠭᠡᠨ ᠢ ᠵᠣᠯᠭᠠᠭᠤᠯᠬᠤ ᠶᠢ ᠴᠢᠩᠭᠠᠳᠬᠠᠨ᠎ᠠ᠃ ᠪᠦᠭᠦ ᠤᠯᠤᠰ ᠢ ᠬᠠᠮᠤᠷᠤᠭᠰᠠᠨ ᠵᠢᠭᠤᠯᠴᠢᠯᠠᠨ ᠠᠮᠠᠷᠠᠬᠤ | ᠨᠠᠰᠤᠵᠢᠯ ᠤᠨ ᠠᠵᠤ ᠦᠢᠯᠡᠰ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠵᠢᠭᠤᠯᠴᠢᠯᠠᠨ ᠠᠮᠠᠷᠠᠬᠤ | ᠨᠠᠰᠤᠵᠢᠯ ᠤᠨ ᠬᠠᠷᠠᠯᠲᠠᠲᠤ ᠭᠠᠵᠠᠷ ᠢ ᠪᠣᠶᠢᠵᠢᠭᠤᠯᠤᠨ᠎ᠠ᠃ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠭᠡᠷ ᠲᠡᠭᠡᠨ ᠰᠠᠭᠤᠬᠤ ᠨᠠᠰᠤᠵᠢᠯ ᠳᠤ ᠲᠣᠬᠢᠷᠠᠬᠤ ᠥᠭᠡᠷᠡᠴᠢᠯᠡᠯᠲᠡ ᠶᠢ ᠥᠷᠨᠢᠭᠦᠯᠦᠨ᠂ | ᠲᠣᠭᠠᠴᠢᠯᠠᠭᠰᠠᠨ ᠨᠠᠰᠤᠵᠢᠯ ᠳᠤ ᠲᠣᠬᠢᠷᠠᠬᠤ ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠢ ᠥᠷᠨᠢᠭᠦᠯᠦᠨ᠎ᠡ᠃ | ᠳᠥᠷᠪᠡ ᠳᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ᠂ ᠣᠶᠤᠨᠴᠢ ᠡᠷᠡᠭᠦᠯ ᠮᠡᠨᠳᠦ ᠨᠠᠰᠤᠵᠢᠯ ᠤᠨ | ᠠᠰᠠᠷᠠᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠨᠢᠭᠡ ᠪᠦᠯᠦᠭ ᠪᠠᠷᠠᠯᠠᠯᠳᠤ ᠴᠢᠨᠠᠷᠲᠠᠢ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ | ᠲᠥᠷᠥᠯ ᠵᠦᠢᠯ ᠢ ᠲᠥᠯᠥᠪᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠪᠠ ᠪᠤᠭᠤᠷᠤᠯᠴᠤᠳ ᠤᠨ | ᠠᠵᠤ ᠠᠬᠤᠢ ᠶᠢᠨ ᠠᠵᠤ ᠦᠢᠯᠡᠰ ᠤᠨ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠨᠥᠭᠡᠴᠡ | ᠲᠠᠯᠠᠪᠤᠷ ᠭᠠᠵᠠᠷ ᠢ ᠠᠰᠢᠭᠯᠠᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠶᠢ | ᠳᠡᠮᠵᠢᠨ᠎ᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ | ᠲᠥᠬᠦᠭᠡᠷᠦᠮᠵᠢ᠂ ᠪᠤᠭᠤᠷᠤᠯᠴᠤᠳ ᠤᠨ ᠠᠵᠤ ᠠᠬᠤᠢ ᠶᠢᠨ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠶᠢᠨ ᠬᠦᠴᠦᠨ ᠵᠦᠢᠯ ᠤᠨ ᠲᠤᠯᠭᠠᠭᠤᠷᠢᠯᠠᠯ ᠢ ᠪᠦᠷᠢᠨᠰᠢᠭᠦᠯᠵᠦ᠂ | ᠨᠠᠰᠤᠲᠠᠶᠢᠴᠤᠳ ᠲᠤ ᠬᠤᠯᠪᠣᠭᠳᠠᠭᠰᠠᠨ ᠮᠡᠬᠡᠯᠡᠯ ᠤᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠭᠦᠨ᠎ᠡ᠃ | ︽ᠰᠠᠨᠠᠯ︾ ᠳᠤ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠨᠢ ᠤᠯᠤᠰ ᠤᠨ ᠬᠥᠭᠵᠢᠯᠲᠡ ᠶᠢᠨ | ᠪᠦᠭᠦ ᠲᠠᠯ᠎ᠠ ᠲᠠᠢ ᠬᠤᠯᠪᠣᠭᠳᠠᠵᠤ᠂ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠨ᠎ᠠ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ | ᠳᠣᠣᠷ᠎ᠠ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ |