ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠳᠡᠭᠡᠭᠰᠢᠯᠡᠭᠦᠯᠦᠨ ︿ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠠᠢ
ᠨᠡᠶᠢᠲᠡᠯᠡᠭᠰᠡᠨ ᠴᠠᠭ᠄
2024/1/26
   ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠳᠡᠭᠡᠭᠰᠢᠯᠡᠭᠦᠯᠦᠨ ︿ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ ᠨᠠᠩ ᠣᠯᠠᠨ ᠬᠦᠷᠢᠶ᠎ᠡ ᠨᠡᠩ ᠶᠡᠭᠡ ᠬᠡᠪᠴᠢᠶᠡᠨ ᠳᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠯᠲᠠ ᠬᠢᠪᠡ᠃    ︽ᠵᠢᠯᠤᠭᠤᠳᠬᠤ ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠳᠡᠭᠡᠭᠰᠢᠯᠡᠭᠦᠯᠭᠦ ᠴᠢᠬᠤᠯᠠ ᠭᠠᠷᠳᠠᠴᠠ ᠪᠤᠯᠭᠠᠵᠤ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠡᠪ ᠵᠠᠭᠪᠤᠷ ᠤᠨ ᠰᠢᠨ᠎ᠡ ᠡᠭᠦᠳᠦᠯᠲᠡ ᠶᠢ ᠠᠬᠢᠭᠤᠯᠵᠤ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠪᠠ ᠲᠣᠭᠠᠴᠢᠯᠠᠯᠲᠠ ᠪᠠᠷ ᠬᠦᠴᠦᠨ ᠴᠢᠳᠠᠪᠤᠷᠢ ᠣᠯᠭᠤᠬᠤ ᠬᠤᠣᠰ ᠬᠥᠳᠡᠯᠭᠡᠭᠦᠷ ᠢ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠢ ᠣᠯᠠᠨ ᠡᠰᠢᠵᠢᠭᠦᠯᠬᠦ᠂ ᠶᠠᠪᠤᠳᠠᠯ ᠭᠦᠢᠴᠡᠳᠬᠡᠬᠦ ᠶᠠᠪᠤᠴᠠ ᠶᠢ ᠬᠠᠮᠤᠭ ᠠᠴᠠ ᠰᠢᠯᠢᠳᠡᠭᠵᠢᠭᠦᠯᠬᠦ᠂ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠬᠠᠮᠤᠭ ᠠᠴᠠ ᠳᠥᠭᠦᠮᠴᠢᠯᠡᠬᠦ᠂ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠬᠠᠮᠤᠭ ᠤᠨ ᠪᠠᠭ᠎ᠠ ᠪᠤᠯᠭᠠᠬᠤ ᠶᠢ ᠪᠡᠶᠡᠯᠡᠭᠦᠯᠵᠦ᠂  ᠠᠵᠤ ᠠᠬᠤᠶᠢᠯᠠᠯ ᠪᠠ ᠠᠷᠠᠳ ᠲᠤ ᠬᠠᠮᠤᠭ ᠶᠡᠭᠡ ᠬᠡᠮᠵᠢᠶ᠎ᠡ ᠪᠠᠷ ᠠᠰᠢᠭ ᠬᠦᠷᠲᠡᠭᠡᠨ ᠳᠥᠭᠦᠮ ᠦᠵᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ ᠭᠡᠵᠦ ᠵᠢᠭᠠᠵᠤ ᠭᠠᠷᠭᠠᠪᠠ᠃    ︽ᠵᠢᠯᠤᠭᠤᠳᠬᠤ ᠰᠠᠨᠠᠯ︾ ᠳᠤ ᠬᠤᠶᠠᠷ ᠱᠠᠲᠤ ᠦᠶ᠎ᠡ ᠶᠢᠨ ᠠᠵᠢᠯ ᠤᠨ ᠬᠠᠷᠠᠯᠲᠠ ᠶᠢ ᠳᠤᠷᠠᠳᠪᠠ᠂ 2024 ᠣᠨ ᠳᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠠᠩᠬᠠᠳᠤᠭᠠᠷ ᠪᠦᠯᠦᠭ ᠤᠨ ᠥᠨᠳᠥᠷ ᠳᠠᠪᠲᠠᠮᠵᠢ ᠲᠠᠢ᠂ ᠥᠷᠭᠡᠨ ᠬᠡᠪᠴᠢᠶ᠎ᠡ ᠲᠠᠢ᠂ ᠠᠰᠠᠭᠤᠳᠠᠯ ᠣᠯᠠᠨ ᠲᠠᠢ︽ᠨᠢᠭᠡ ᠶᠠᠪᠤᠳᠠᠯ︾ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ 2027 ᠣᠨ ᠪᠤᠯᠬᠤ ᠳᠤ᠂ ᠲᠦᠭᠡᠮᠡᠯ ᠪᠥᠭᠡᠳ ᠪᠣᠯᠣᠮᠵᠢᠲᠠᠢ᠂ ᠣᠶᠤᠨᠴᠢ ᠪᠥᠭᠡᠳ ᠳᠥᠭᠦᠮ ᠳᠥᠲᠡ᠂ ᠡᠷᠬᠡ ᠲᠡᠭᠰᠢ ᠨᠡᠶᠢᠳᠡᠮ ᠠᠰᠢᠭ ᠬᠦᠷᠲᠡᠭᠡᠬᠦ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠠᠵᠤ ᠠᠬᠤᠶᠢᠯᠠᠯ ᠪᠠ ᠬᠤᠪᠢ ᠬᠥᠮᠥᠨ ᠤ ᠬᠤᠶᠠᠷ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠴᠢᠬᠤᠯᠠ ᠱᠠᠲᠤ ᠦᠶ᠎ᠡ ᠶᠢᠨ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠶᠠᠪᠤᠳᠠᠯ ᠭᠦᠢᠴᠡᠳᠬᠡᠬᠦ ᠳᠤ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠦᠨ᠎ᠡ᠃    ︽ᠵᠢᠯᠤᠭᠤᠳᠬᠤ ᠰᠠᠨᠠᠯ︾ ᠳᠤ 5 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠃ ᠨᠢᠭᠡ ᠳᠤ᠂ ᠠᠷᠭ᠎ᠠ ᠵᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠬᠤᠢ ᠲᠠᠯᠠᠪᠠᠢ ᠳᠤ  ᠶᠠᠪᠤᠳᠠᠯ ᠭᠦᠢᠴᠡᠳᠬᠡᠬᠦ ᠳᠤ ︽ᠨᠢᠭᠡ ᠯᠡ ᠡᠭᠦᠳᠡ ᠪᠠᠷ ᠣᠷᠣᠬᠤ︾᠂ ᠰᠦᠯᠵᠢᠶᠡᠨ ᠳᠡᠭᠡᠷ᠎ᠡ ᠶᠠᠪᠤᠳᠠᠯ ᠭᠦᠢᠴᠡᠳᠬᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ︽ᠲᠡᠷᠡ ᠳᠠᠷᠤᠢ ᠳᠤᠨᠢ ᠬᠠᠷᠢᠭᠤᠯᠲᠠ ᠥᠭᠬᠦ︾ ᠶᠢ ᠠᠬᠢᠭᠤᠯᠤᠨ᠎ᠠ᠃ ᠬᠤᠶᠠᠷ ᠲᠤ᠂ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ ᠮᠠᠲ᠋ᠧᠷᠢᠶᠠᠯ ᠨᠢ ᠲᠤᠲᠠᠭᠳᠠᠵᠤ ᠪᠠᠶᠢᠭ᠎ᠠ ᠵᠦᠢᠯᠡᠰ ᠢ ᠠᠮᠠᠯᠠᠯᠲᠠ ᠬᠢᠵᠦ ᠪᠠᠶᠢᠭᠠᠳ ᠭᠦᠢᠴᠡᠳᠬᠡᠬᠦ᠂ ᠣᠨᠳᠣᠣ ᠭᠠᠵᠠᠷ ᠤᠨ ᠶᠠᠪᠤᠳᠠᠯ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠦᠯᠦ ᠭᠤᠶᠤᠴᠢᠯᠠᠨ ᠭᠦᠢᠴᠡᠳᠬᠡᠬᠦ ᠶᠢ ᠠᠬᠢᠭᠤᠯᠤᠨ᠎ᠠ᠃ ᠭᠤᠷᠪᠠ ᠳᠤ᠂ ᠲᠣᠭᠠᠴᠢᠯᠠᠯᠲᠠ ᠪᠠᠷ ᠬᠦᠴᠦᠨ ᠴᠢᠳᠠᠪᠤᠷᠢ ᠣᠯᠭᠤᠬᠤ ᠶᠢ ᠴᠢᠩᠭᠠᠳᠬᠠᠵᠤ᠂ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠶᠡᠷᠦᠩᠬᠡᠢ ᠬᠦᠢᠰᠦ ᠪᠠᠷᠢᠯᠭ᠎ᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠮᠡᠷᠭᠡᠵᠢᠯ ᠤᠨ ᠪᠦᠭᠦ ᠶᠠᠪᠤᠴᠠ ᠶᠢᠨ ᠬᠡᠷᠡᠭᠯᠡᠯᠲᠡ ᠶᠢ ᠦᠷᠭᠦᠯᠵᠢᠯᠡᠨ ᠴᠢᠩᠭᠠᠳᠬᠠᠨ᠎ᠠ᠃ ᠳᠥᠷᠪᠡ ᠳᠤ᠂ ᠬᠡᠪᠴᠢᠶ᠎ᠡ ᠶᠢ ᠥᠷᠭᠡᠳᠬᠡᠨ ᠦᠷ᠎ᠡ ᠪᠦᠳᠦᠮᠵᠢ ᠶᠢ ᠨᠡᠮᠡᠭᠳᠡᠭᠦᠯᠬᠦ ᠶᠢ ᠠᠬᠢᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠢᠳᠠᠪᠤᠷᠢ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠥᠷᠲᠡᠭ ᠢ ᠨᠡᠮᠡᠭᠳᠡᠭᠦᠯᠬᠦ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠎ᠡ᠃ ᠲᠠᠪᠤ ᠳᠤ᠂ ᠠᠵᠢᠯ ᠤᠨ ᠰᠠᠭᠤᠷᠢ ᠶᠢ ᠪᠠᠬᠢᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮ ᠪᠠ ᠠᠵᠢᠯ ᠤᠨ ᠰᠢᠰᠲ᠋ᠧᠮ ᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠴᠢᠩᠭᠠᠳᠬᠠᠨ᠎ᠠ᠃    ︽ᠵᠢᠯᠤᠭᠤᠳᠬᠤ ᠰᠠᠨᠠᠯ︾ ᠳᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠨᠢᠭᠡᠳᠦᠭᠡᠷ ᠪᠦᠯᠦᠭ ᠤᠨ 13 ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠲᠣᠳᠣᠷᠬᠠᠶᠢᠯᠠᠪᠠ᠃ ᠡᠭᠦᠨ ᠳᠤ᠂ ᠡᠵᠡᠩᠨᠡᠯᠲᠡ ᠶᠢᠨ ᠭᠤᠣᠯ ᠴᠣᠭᠴᠠ ᠶᠢᠨ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 8 ᠵᠦᠢᠯ ᠪᠤᠶ᠂ ᠡᠭᠦᠨ ᠳᠤ ᠲᠡᠭᠡᠭᠡᠪᠦᠷᠢ ᠶᠢᠨ ᠠᠵᠤ ᠠᠬᠤᠶᠢᠯᠠᠯ ᠡᠷᠭᠢᠯᠡᠭᠦ᠂ ᠤᠰᠤ ᠴᠠᠭᠢᠯᠭᠠᠨ ᠰᠢᠲᠠᠮᠠᠬᠠᠢ ᠬᠡᠢ ᠲᠣᠣᠷ ᠢ ᠬᠠᠮᠲᠤᠷᠠᠨ ᠮᠡᠳᠡᠭᠦᠯᠵᠦ ᠤᠭᠰᠠᠷᠠᠬᠤ᠂ ᠢᠲᠡᠭᠡᠮᠵᠢ ᠶᠢ ᠨᠢ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠤ ᠭᠠᠷᠬᠤ ᠬᠠᠤᠯᠢ ᠲᠣᠭᠲᠠᠭᠠᠯ ᠳᠤ ᠨᠡᠶᠢᠴᠡᠬᠦ ᠮᠡᠳᠡᠭᠡ ᠵᠠᠩᠭᠢ ᠶᠢ ᠬᠢᠨᠠᠨ ᠪᠠᠶᠢᠴᠠᠭᠠᠬᠤ᠂ ᠠᠵᠤ ᠠᠬᠤᠶᠢᠯᠠᠯ ᠤᠨ ᠳᠠᠩᠰᠠᠯᠠᠯᠲᠠ ᠶᠢ ᠬᠦᠴᠦᠨ ᠦᠭᠡᠢ ᠪᠤᠯᠭᠠᠬᠤ ᠵᠡᠷᠭᠡ ᠪᠠᠭᠲᠠᠨ᠎ᠠ᠃ ᠬᠤᠪᠢ ᠬᠥᠮᠥᠨ ᠤ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 5 ᠵᠦᠢᠯ ᠪᠤᠶ᠂ ᠡᠭᠦᠨ ᠳᠤ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡ᠂ ᠵᠡᠮᠳᠡᠭᠴᠦᠳ ᠤᠨ ᠦᠢᠯᠡᠴᠢᠯᠡᠭᠡ ᠵᠡᠷᠭᠡ ᠪᠠᠭᠲᠠᠨ᠎ᠠ᠃    ︽ᠵᠢᠯᠤᠭᠤᠳᠬᠤ ᠰᠠᠨᠠᠯ︾ ᠳᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢᠨ ᠲᠣᠭᠤᠷᠢᠨ ᠳᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠤᠷᠰᠢᠯᠲᠠ ᠶᠢᠨ ᠴᠡᠭ ᠪᠠ ᠵᠢᠱᠢᠶ᠎ᠡ ᠦᠵᠡᠭᠦᠯᠭᠦ ᠠᠵᠢᠯ ᠢ ᠥᠷᠨᠢᠭᠦᠯᠦᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠵᠣᠷᠢᠭᠲᠠᠢ ᠪᠠᠷ ᠰᠦᠪᠡᠭᠴᠢᠯᠡᠬᠦ ᠶᠢ ᠵᠣᠷᠢᠭᠵᠢᠭᠤᠯᠵᠤ᠂ ᠨᠢᠭᠡ ᠪᠦᠯᠦᠭ ︽ᠨᠢᠭᠡ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠢ ᠵᠢᠯ ᠳᠠᠷᠠᠭᠠᠯᠠᠨ  ᠭᠠᠷᠭᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号