︽ᠲᠣᠭᠠᠴᠢᠯᠠᠭᠰᠠᠨ ᠠᠵᠤ ᠠᠬᠤᠢ ᠪᠠᠷ ᠬᠠᠮᠲᠤ ᠶᠢᠨ ᠪᠠᠶᠠᠵᠢᠯ ᠢ ᠠᠬᠢᠭᠤᠯᠬᠤ ᠬᠡᠷᠡᠭᠵᠢᠭᠦᠯᠬᠦ ᠲᠥᠰᠥᠯ︾  ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/1/3
    ᠤᠯᠤᠰ ᠤᠨ ᠲᠤᠭ᠎ᠠ ᠪᠠᠷᠢᠮᠲᠠ ᠶᠢᠨ ᠲᠣᠪᠴᠢᠶ᠎ᠠ 25 ᠤ ᠡᠳᠦᠷ ᠮᠡᠳᠡᠭᠡ ᠨᠡᠶᠢᠲᠡᠯᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠲᠤᠭ᠎ᠠ ᠪᠠᠷᠢᠮᠲᠠ ᠶᠢᠨ ᠲᠣᠪᠴᠢᠶ᠎ᠠ ᠲᠦᠷᠦᠭᠦᠬᠡᠨ ︽ᠲᠣᠭᠠᠴᠢᠯᠠᠭᠰᠠᠨ ᠠᠵᠤ ᠠᠬᠤᠢ ᠪᠠᠷ ᠬᠠᠮᠲᠤ ᠶᠢᠨ ᠪᠠᠶᠠᠵᠢᠯ ᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠲᠣᠭᠠᠴᠢᠯᠠᠭᠰᠠᠨ ᠮᠡᠷᠭᠡᠵᠢᠯ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢ ᠲᠠᠰᠤᠷᠠᠯᠲᠠ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠪᠦᠭᠦ ᠠᠷᠠᠳ ᠲᠦᠮᠡᠨ ᠤ ᠲᠣᠭᠠᠴᠢᠯᠠᠭᠰᠠᠨ ᠴᠠᠭ ᠦᠶ᠎ᠡ ᠶᠢᠨ ᠬᠥᠭᠵᠢᠯᠲᠡ ᠶᠢᠨ ᠠᠰᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ ᠭᠡᠪᠡ᠃    ᠲᠥᠰᠥᠯ ᠳᠤ᠂ 2025 ᠣᠨ ᠪᠤᠯᠬᠤ ᠳᠤ᠂ ᠲᠣᠭᠠᠴᠢᠯᠠᠭᠰᠠᠨ ᠠᠵᠤ ᠠᠬᠤᠢ ᠪᠠᠷ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠣᠷᠣᠨ ᠪᠦᠰᠡ᠂ ᠬᠤᠳᠠ ᠬᠥᠳᠡᠭᠡ᠂ ᠤᠯᠠᠨ ᠲᠦᠮᠡᠨ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠵᠥᠷᠢᠶ᠎ᠡ ᠶᠢ ᠪᠠᠭᠠᠰᠬᠠᠬᠤ ᠲᠠᠯ᠎ᠠ ᠪᠠᠷ ᠢᠳᠡᠪᠬᠢᠲᠡᠢ ᠠᠬᠢᠴᠠ ᠲᠠᠢ ᠪᠤᠯᠭᠠᠵᠤ᠂ ᠲᠣᠭᠠᠴᠢᠯᠠᠭᠰᠠᠨ ᠠᠵᠤ ᠠᠬᠤᠢ ᠶᠢᠨ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠬᠢ ᠢᠳᠡᠪᠬᠢᠲᠡᠢ ᠦᠢᠯᠡᠳᠦᠯ ᠢ ᠡᠬᠢᠯᠡᠨ ᠢᠯᠡᠷᠡᠭᠦᠯᠦᠨ᠎ᠡ᠃ 2030 ᠣᠨ ᠪᠤᠯᠬᠤ ᠳᠤ᠂ ᠣᠷᠣᠨ ᠪᠦᠰᠡ᠂ ᠬᠤᠲᠠ ᠬᠥᠳᠡᠭᠡ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠵᠥᠷᠢᠶ᠎ᠡ ᠶᠢ ᠨᠥᠬᠦᠪᠦᠷᠢᠯᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭᠰᠠᠨ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠪᠠ ᠬᠠᠭᠤᠯᠪᠤᠷᠢᠯᠠᠵᠤ ᠳᠡᠯᠭᠡᠷᠡᠭᠦᠯᠵᠦ ᠪᠤᠯᠬᠤ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠪᠤᠶ ᠪᠤᠯᠭᠠᠵᠤ᠂ ᠲᠣᠭᠠᠴᠢᠯᠠᠭᠰᠠᠨ ᠠᠵᠤ ᠠᠬᠤᠢ  ᠪᠠᠷ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠠᠬᠢᠯᠲᠠ ᠲᠠᠢ ᠪᠣᠯᠭᠠᠨ᠎ᠠ ᠭᠡᠵᠦ ᠳᠤᠷᠠᠳᠪᠠ᠃    ᠲᠥᠰᠥᠯ ᠳᠤ ᠣᠷᠣᠨ ᠪᠦᠰᠡ ᠶᠢᠨ ᠲᠣᠭᠠᠴᠢᠯᠠᠭᠰᠠᠨ ᠬᠠᠮᠵᠢᠯᠴᠠᠨ ᠬᠥᠭᠵᠢᠬᠦ ᠶᠢ ᠠᠬᠢᠭᠤᠯᠬᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ᠂ ᠲᠣᠭᠠᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠪᠠ ᠠᠵᠢᠯ ᠣᠯᠭᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠨᠡᠶᠢᠭᠡᠮ ᠤᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠬᠠᠩᠭᠠᠯᠭ᠎ᠠ ᠶᠢ ᠠᠬᠢᠭᠤᠯᠬᠤ ᠵᠡᠷᠭᠡ ᠳᠥᠷᠪᠡᠨ ᠲᠠᠯ᠎ᠠ ᠶᠢᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ᠂ ᠦᠨᠡᠯᠡᠬᠦ ᠰᠢᠰᠲ᠋ᠧᠮ ᠢ ᠪᠠᠶᠢᠭᠤᠯᠬᠤ᠂ ᠤᠬᠠᠭᠤᠯᠬᠤ ᠡᠷᠴᠢᠮ ᠢ ᠴᠢᠩᠭᠠᠷᠠᠭᠤᠯᠬᠤ ᠵᠡᠷᠭᠡ ᠳᠥᠷᠪᠡᠨ ᠲᠠᠯ᠎ᠠ ᠪᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号