ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠩᠬᠠᠳᠤᠭᠠᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/1/30
    1 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠩᠬᠠᠳᠤᠭᠠᠷ ᠤᠳᠠᠭ᠎ᠠ ᠶᠢᠨ ᠬᠤᠷᠠᠯ ᠬᠢᠪᠡ᠃     ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ 64 ᠬᠥᠮᠥᠨ ᠪᠤᠢ᠂ ᠲᠣᠰ ᠤᠳᠠᠭ᠎ᠠ ᠶᠢᠨ ᠬᠤᠷᠠᠯ ᠳᠤ 61 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠵᠠᠢ᠃ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ︾ ᠢ ᠪᠠᠲᠤᠯᠠᠪᠠ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢᠳ ᠪᠣᠯ ᠰᠦᠨ ᠱᠣᠸ ᠴᠧᠩ᠂ ᠯᠢᠨ ᠱᠣᠸ ᠴᠦᠨ᠂ ᠵᠠᠩ ᠱᠣᠸ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠱᠢ ᠸᠧᠨ ᠰᠢᠤᠸᠠᠢ ᠨᠠᠷ ᠪᠣᠯᠣᠨ᠎ᠠ᠃ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠡᠳᠦᠷ ᠤᠨ ᠳᠠᠷᠠᠭᠠᠯᠠᠯ᠂ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠤᠨ ᠬᠢᠵᠠᠭᠠᠷ ᠤᠨ ᠲᠤᠬᠠᠢ ᠲᠣᠭᠲᠠᠭᠠᠯ ᠵᠢᠴᠢ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ᠶᠢ ᠪᠠᠲᠤᠯᠠᠪᠠ᠃ ᠶᠡᠭᠡ ᠬᠤᠷᠠᠯ ᠠᠴᠠ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠬᠠᠮᠤᠭ ᠡᠴᠦᠰ ᠤᠨ ᠴᠠᠭ ᠢ 2024 ᠣᠨ ᠤ 1 ᠰᠠᠷ᠎ᠠ ᠶᠢᠨ 31 ᠤ ᠡᠳᠦᠷ ᠤᠨ 12 ᠴᠠᠭ ᠢᠶᠠᠷ ᠲᠣᠭᠲᠠᠭᠠᠪᠠ᠃     ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠢ ᠶᠢᠨ ᠬᠢᠭᠰᠡᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ᠂ ᠪᠠᠲᠤᠯᠠᠭᠰᠠᠨ ᠤ ᠳᠠᠷᠠᠭᠠᠬᠢ ᠰᠣᠩᠭᠤᠭᠤᠯᠢ ᠶᠢᠨ ᠠᠷᠭ᠎ᠠ ᠶᠢᠨ ᠲᠥᠰᠥᠯ ᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠵᠥᠪᠯᠡᠭᠦᠯᠦᠭᠰᠡᠨ ᠤ ᠳᠠᠷᠠᠭ᠎ᠠ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号