ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ︽ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠤᠨ ᠪᠦᠭᠦ | ᠲᠠᠯ᠎ᠠ ᠪᠠᠷ ᠬᠥᠭᠵᠢᠵᠦ ᠴᠢᠨᠠᠷ ᠰᠠᠶᠢᠲᠠᠢ ᠬᠥᠭᠵᠢᠬᠦ ᠶᠢ ᠳᠡᠮᠵᠢᠬᠦ ᠲᠤᠬᠠᠢ ᠳᠤᠮᠳᠠᠳᠤ ᠤᠯᠤᠰ ᠤᠨ ᠵᠡᠮᠳᠡᠭᠴᠦᠳ ᠤᠨ | ᠬᠤᠯᠪᠤᠭ᠎ᠠ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ 15 ᠵᠦᠢᠯ ᠤᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠵᠤ᠂ ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠪᠠᠷ ᠴᠢᠨᠠᠷ ᠰᠠᠶᠢᠲᠠᠢ | ᠬᠥᠭᠵᠢᠬᠦ ᠶᠢ ᠳᠡᠮᠵᠢᠬᠦ ᠪᠠᠷ ᠪᠤᠢ᠃ | ︽ᠬᠡᠷᠡᠭᠵᠢᠭᠦᠯᠬᠦ ᠰᠠᠨᠠᠯ︾ ᠳᠤ᠂ 2027 ᠣᠨ ᠪᠤᠯᠬᠤ ᠳᠤ ᠥᠪᠥᠷ ᠮᠣᠩᠭᠤᠯ ᠤᠨ ᠵᠡᠮᠳᠡᠭᠴᠦᠳ ᠤᠨ ᠠᠵᠢᠯ ᠤᠨ | ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠶᠢ ᠪᠡᠶᠡᠯᠡᠭᠦᠯᠬᠦ ᠶᠢ ᠠᠬᠢᠭᠤᠯᠵᠤ᠂ ᠵᠡᠮᠳᠡᠭᠴᠦᠳ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠢ ᠨᠠᠩ ᠲᠡᠭᠦᠯᠳᠡᠷᠵᠢᠭᠦᠯᠦᠨ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠶᠡᠭᠡ ᠪᠠᠷ | ᠰᠠᠶᠢᠵᠢᠷᠠᠭᠤᠯᠤᠨ᠎ᠠ᠃ 2035 ᠣᠨ ᠪᠤᠯᠬᠤ ᠳᠤ᠂ ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠬᠢᠭᠡᠳ ᠠᠵᠤ | ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ᠂ ᠵᠡᠮᠳᠡᠭᠴᠦᠳ ᠤᠨ ᠪᠦᠭᠦ ᠲᠠᠯ᠎ᠠ ᠶᠢᠨ ᠬᠥᠭᠵᠢᠯᠲᠡ ᠪᠠ ᠬᠠᠮᠲᠤ ᠪᠠᠷ | ᠴᠢᠨᠡᠭᠡᠯᠢᠭᠵᠢᠬᠦ ᠶᠢ ᠪᠣᠳᠠᠲᠤ ᠠᠬᠢᠴᠠ ᠲᠠᠢ ᠪᠣᠯᠭᠠᠨ᠎ᠠ ᠭᠡᠵᠦ ᠱᠠᠭᠠᠷᠳᠠᠪᠠ᠃ | ︽ᠬᠡᠷᠡᠭᠵᠢᠭᠦᠯᠬᠦ ᠰᠠᠨᠠᠯ︾ ᠳᠤ᠂ ᠨᠠᠮ ᠤᠨ ᠵᠡᠮᠳᠡᠭᠴᠦᠳ ᠤᠨ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ | ᠲᠠᠰᠤᠷᠠᠯᠲᠠ ᠦᠭᠡᠢ ᠲᠡᠭᠦᠯᠳᠡᠷᠵᠢᠭᠦᠯᠬᠦ᠂ ᠵᠡᠮᠳᠡᠭᠴᠦᠳ ᠤᠨ ᠠᠵᠢᠯ ᠣᠯᠵᠤ ᠦᠢᠯᠡᠰ ᠪᠣᠰᠬᠠᠨ ᠣᠷᠣᠯᠭ᠎ᠠ ᠪᠠᠨ | ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠪᠠ ᠬᠠᠷᠠᠭᠠᠯᠵᠠᠨ | ᠠᠰᠠᠷᠠᠬᠤ ᠥᠨᠳᠥᠷ ᠬᠢᠷᠢ ᠲᠦᠪᠰᠢᠨ ᠪᠦᠬᠦᠢ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠵᠡᠮᠳᠡᠭᠴᠦᠳ ᠢ | ᠡᠷᠡᠭᠦᠯᠵᠢᠭᠦᠯᠬᠦ ᠴᠢᠨᠠᠷ ᠰᠠᠶᠢᠲᠠᠢ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠵᠡᠮᠳᠡᠭᠴᠦᠳ ᠤᠨ ᠰᠤᠷᠭᠠᠨ | ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ᠂ ᠵᠡᠮᠳᠡᠭᠴᠦᠳ ᠤᠨ ᠰᠣᠶᠣᠯ ᠲᠠᠮᠢᠷ ᠤᠨ ᠠᠮᠢᠳᠤᠷᠠᠯ ᠢ | ᠪᠠᠶᠠᠯᠢᠭᠵᠢᠭᠤᠯᠬᠤ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ | ᠵᠡᠮᠳᠡᠭᠴᠦᠳ ᠤᠨ ᠦᠢᠯᠡᠰ ᠤᠨ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠬᠤ᠂ ᠵᠡᠮᠳᠡᠭᠴᠦᠳ ᠤᠨ ᠰᠠᠭᠤᠷᠢ | ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠵᠡᠮᠳᠡᠭᠴᠦᠳ ᠤᠨ | ᠲᠣᠭᠠᠴᠢᠯᠠᠭᠰᠠᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠬᠤ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ | ᠦᠢᠯᠡᠰ ᠤᠨ ᠵᠡᠮᠳᠡᠭᠴᠦᠳ ᠢ ᠲᠤᠰᠠᠯᠠᠬᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠭᠦ᠂ ᠣᠷᠣᠨ ᠪᠦᠰᠡ ᠶᠢᠨ ᠬᠠᠮᠵᠢᠯᠴᠠᠭ᠎ᠠ ᠪᠠ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠠᠬᠢᠭᠤᠯᠬᠤ᠂ | ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠵᠡᠷᠭᠡ 15 ᠲᠠᠯ᠎ᠠ ᠶᠢᠨ ᠭᠤᠣᠯ | ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠵᠢᠯᠣᠭᠤᠳᠤᠯᠭ᠎ᠠ ᠳᠡᠮᠵᠢᠯᠭᠡ ᠶᠢ ᠴᠢᠩᠭᠠᠳᠬᠠᠬᠤ᠂ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠬᠦ | ᠵᠡᠷᠭᠡ 3 ᠲᠠᠯ᠎ᠠ ᠪᠠᠷ ᠪᠣᠳᠠᠲᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ︽ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ ᠬᠢᠨ ᠳᠤᠮᠳᠠᠳᠤ ᠤᠯᠤᠰ ᠤᠨ | ᠵᠡᠮᠳᠡᠭᠴᠦᠳ ᠤᠨ ᠬᠤᠯᠪᠤᠭ᠎ᠠ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠ ᠠᠵᠢᠯ ᠤᠨ ᠵᠣᠯᠭᠠᠯᠴᠠᠭ᠎ᠠ ᠪᠠᠨ | ᠴᠢᠩᠭᠠᠳᠬᠠᠵᠤ᠂ 15 ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠳᠡᠮᠵᠢᠬᠦ ᠲᠦᠷᠦ ᠶᠢᠨ ᠪᠣᠳᠣᠯᠭ᠎ᠠ ᠶᠢ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ | ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠭᠢᠯᠡᠭᠴᠢᠳ ᠤᠨ ᠳᠠᠷᠤᠭ᠎ᠠ ᠲᠦᠩ ᠭᠦᠸᠧ ᠴᠢᠩ | ᠬᠡᠯᠡᠪᠡ᠃ |