ᠸᠠᠩ ᠯᠢ ᠰᠢᠶᠠ ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠬᠡᠯᠡᠭᠰᠡᠨ ᠨᠢ ᠲᠡᠷᠢᠭᠦᠨ ᠤ ᠬᠢ ᠪᠠᠷ ᠪᠠᠷᠢᠮᠵᠢᠶᠠᠯᠠᠨ ᠲᠠᠰ ᠳᠡᠪᠰᠢᠵᠦ ᠤᠷᠤᠭᠰᠢᠯᠠᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠥᠨᠳᠦᠷᠯᠢᠭ ᠢ ᠪᠦᠭᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/1/31
    1 ᠰᠠᠷ᠎ᠠ ᠶᠢᠨ 30 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠡᠭᠦᠨ ᠤ ᠪᠠᠶᠢᠭ᠎ᠠ ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠭᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃     ᠬᠢᠨᠠᠨ ᠵᠥᠪᠯᠡᠬᠦ ᠳᠤᠮᠳᠠ᠂ ᠳ᠋ᠢᠩ ᠰᠢᠤ ᠹᠧᠩ᠂ ᠵᠠᠩ ᠷᠦᠢ᠂ ᠸᠠᠩ ᠵᠠᠨ ᠱᠠᠨ ᠵᠡᠷᠭᠡ 7 ᠲᠥᠯᠥᠭᠡᠯᠡᠭᠴᠢ ᠦᠭᠡ ᠬᠡᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠸᠠᠩ ᠯᠢ ᠰᠢᠶᠠ ᠳᠡᠳᠡᠨ ᠤ ᠦᠭᠡ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠠᠢ  ᠭᠦᠨᠵᠡᠭᠡᠢ  ᠶᠠᠷᠢᠯᠴᠠᠨ ᠰᠣᠯᠢᠯᠴᠠᠵᠤ᠂ ᠳᠤᠷᠠᠳᠤᠭᠰᠠᠨ ᠪᠣᠳᠠᠲᠠᠢ ᠤᠴᠢᠷ ᠶᠠᠪᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃     ᠸᠠᠩ ᠯᠢ ᠰᠢᠶᠠ᠂ ᠥᠩᠭᠡᠷᠡᠭᠰᠡᠨ ᠨᠢᠭᠡ ᠵᠢᠯ ᠳᠤ  ᠣᠷᠣᠨ ᠳᠠᠶᠠᠭᠠᠷ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠣᠨᠢᠯᠠᠨ ᠬᠥᠭᠵᠢᠯᠲᠡ ᠶᠢ ᠶᠡᠭᠡ ᠪᠠᠷ ᠠᠳᠬᠤᠵᠤ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠨᠢᠭᠡᠳᠦᠭᠡᠷ ᠡᠩᠨᠡᠭᠡᠨ ᠳᠤ ᠣᠷᠣᠵᠤ᠂ ᠪᠤᠭᠤᠲᠤ ᠬᠤᠳᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠴᠦ ᠢᠯᠡᠷᠬᠡᠢ ᠠᠮᠵᠢᠯᠲᠠ ᠣᠯᠵᠤ᠂ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠪᠤᠭᠤᠲᠤ ᠬᠤᠲᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂  ᠲᠡᠷᠢᠭᠦᠨ ᠤ ᠬᠢ ᠪᠠᠷ ᠪᠠᠷᠢᠮᠵᠢᠶᠠᠯᠠᠨ᠂ ᠲᠤᠷᠰᠢᠯᠭ᠎ᠠ ᠶᠢ ᠨᠢ ᠰᠤᠷᠤᠯᠴᠠᠵᠤ᠂ ᠲᠠᠰ ᠳᠠᠪᠰᠢᠵᠤ ᠤᠷᠤᠭᠰᠢᠯᠠᠨ᠂ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠡᠭᠡᠨ ᠳᠠᠭᠢᠨ ᠪᠤᠴᠠᠬᠤ ᠪᠠᠷ ᠵᠣᠷᠢᠭ ᠰᠢᠭᠤᠳᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠶᠡᠷᠦᠩᠬᠡᠢ ᠬᠡᠮᠵᠢᠶ᠎ᠡ ᠪᠠᠨ ᠪᠤᠵᠠᠭᠠᠶᠢᠷᠠᠭᠤᠯᠵᠤ᠂ ᠢᠯᠠᠩᠭᠤᠶ᠎ᠠ ︽ᠬᠤᠪᠣᠷ ᠰᠢᠷᠣᠢ︾ ᠪᠣᠯᠣᠨ ︽ᠴᠠᠬᠢᠭᠤᠷ ᠤᠨ ᠬᠤᠳᠠ︾ ᠶᠢᠨ ᠬᠤᠶᠠᠷ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠴᠠᠬᠢᠭᠤᠷ ᠤᠨ ᠲᠠᠯᠠᠰᠲᠤ ᠶᠢᠨ ᠰᠢᠨ᠎ᠡ ᠮᠠᠲ᠋ᠧᠷᠢᠶᠠᠯ ᠵᠢᠴᠢ ᠭᠡᠷᠡᠯᠴᠢ ᠴᠡᠨᠡᠭ ᠤᠨ ᠦᠢᠯᠡᠳᠬᠦ ᠦᠢᠯᠡᠰ᠂ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠲᠥᠬᠦᠭᠡᠷᠦᠮᠵᠢ᠂ ᠬᠥᠩᠭᠡᠨᠴᠠᠭᠠᠨ ᠢᠶᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ᠂ ᠬᠠᠶᠢᠯᠤᠰᠢ ᠶᠢᠨ ᠮᠠᠲ᠋ᠧᠷᠢᠶᠠᠯ ᠵᠡᠷᠭᠡ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠢᠵᠢ ᠪᠦᠷᠢᠳᠦᠭᠦᠯᠦᠨ ᠬᠥᠭᠵᠢᠭᠦᠯᠬᠦ ᠬᠡᠷᠡᠭᠲᠡᠢ᠃ ᠭᠦᠭᠡᠬᠤᠲᠠ ᠪᠤᠭᠤᠲᠤ ᠶᠢ ᠨᠢᠭᠡ ᠬᠤᠲᠠᠵᠢᠭᠤᠯᠤᠨ ᠬᠥᠭᠵᠢᠭᠦᠯᠬᠦ 60 ᠵᠤᠷᠪᠤᠰ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠲᠦᠷᠭᠡᠳᠬᠡᠨ ᠬᠥᠭᠵᠢᠭᠦᠯᠬᠦ ᠶᠢ ᠳᠠᠶᠢᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠡᠭᠡᠷ᠎ᠡ ᠪᠤᠭᠤᠲᠤ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠣᠷᠣᠨ ᠪᠠᠶᠢᠷᠢ ᠪᠠᠨ ᠣᠨᠣᠪᠴᠢᠲᠠᠢ ᠡᠷᠢᠨ ᠣᠯᠵᠤ᠂ ᠪᠦᠯᠭᠦᠮ ᠡᠩᠨᠡᠭᠡ ᠪᠠᠨ ᠰᠠᠶᠢᠲᠤᠷ ᠡᠷᠢᠵᠦ᠂ ᠬᠡᠪ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠵᠠᠮ ᠢ ᠨᠡᠭᠡᠭᠡᠬᠦ ᠬᠡᠷᠡᠭᠲᠡᠢ᠃ ︽ᠲᠠᠨ ᠳᠤ ᠬᠠᠨᠤᠮᠵᠢᠳᠠᠢ ᠪᠤᠭᠤᠲᠤ︾ ᠭᠡᠬᠦ ᠲᠦᠷᠦᠯ ᠲᠡᠮᠳᠡᠭ ᠤᠨ ᠠᠭᠤᠯᠤᠭᠳᠠᠬᠤᠨ ᠢ ᠥᠷᠭᠡᠳᠬᠡᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠲᠦᠷᠦᠯ ᠲᠡᠮᠳᠡᠭ ᠢ ᠡᠭᠦᠳᠴᠦ᠂ ᠠᠵᠤ ᠠᠬᠤᠶᠢᠯᠠᠯ ᠬᠠᠨᠤᠮᠵᠢᠳᠠᠢ ᠪᠠᠶᠢᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠲᠡᠮᠳᠡᠭ ᠢ ᠡᠭᠦᠳᠴᠦ᠂ ᠤᠯᠠᠨ ᠲᠦᠮᠡᠨ ᠬᠠᠨᠤᠮᠵᠢᠳᠠᠢ ᠪᠠᠶᠢᠬᠤ ᠶᠢ ᠪᠠᠲᠤᠯᠠᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ  ᠲᠦᠷᠦᠯ ᠲᠡᠮᠳᠡᠭ ᠢ ᠡᠭᠦᠳᠴᠦ᠂ ᠵᠠᠯᠠᠭᠤᠴᠤᠳ ᠬᠠᠨᠤᠮᠵᠢᠳᠠᠢ ᠪᠠᠶᠢᠬᠤ ᠶᠢ ᠪᠠᠲᠤᠯᠠᠵᠤ᠂ ᠬᠡᠷᠡᠭᠯᠡᠭᠡ ᠶᠢᠨ ᠡᠵᠡᠩᠨᠡᠯᠲᠡ ᠶᠢᠨ ᠭᠡᠯᠪᠡᠷᠢ ᠶᠢᠨ ᠲᠦᠷᠦᠯ ᠲᠡᠮᠳᠡᠭ ᠢ ᠡᠭᠦᠳᠴᠦ᠂ ᠵᠢᠭᠤᠯᠴᠢᠯᠠᠬᠰᠠᠳ ᠬᠠᠨᠤᠮᠵᠢᠳᠠᠢ ᠪᠠᠶᠢᠬᠤ ᠶᠢ ᠪᠠᠲᠤᠯᠠᠵᠤ᠂ ᠪᠣᠬᠢᠷᠳᠤᠯ ᠦᠭᠡᠢ ᠴᠠᠭᠢᠯᠭᠠᠨ ᠤ ᠨᠣᠭᠤᠭᠠᠨ ᠦᠨᠡᠮᠯᠡᠯ ᠤᠨ ᠲᠦᠷᠦᠯ ᠲᠡᠮᠳᠡᠭ ᠢ ᠡᠭᠦᠳᠴᠦ᠂ ᠦᠢᠯᠡᠳᠬᠦ ᠦᠢᠯᠡᠰ ᠤᠨ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠬᠠᠨᠤᠮᠵᠢᠳᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃     ᠸᠠᠩ ᠯᠢ ᠰᠢᠶᠠ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠠᠷᠠᠳ ᠤᠯᠠᠨ ᠤ ᠪᠠᠶᠠᠷ ᠭᠦᠷ ᠲᠠᠢ ᠥᠯᠵᠡᠢ ᠪᠡᠯᠭᠡ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号