ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ᠄ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠪᠠᠯᠠ ᠮᠥᠩᠭᠦ ᠶᠢ ᠠᠷᠪᠢᠯᠠᠨ ᠭᠠᠮᠨᠠᠵᠤ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/1/5
    2023 ᠣᠨ ᠳᠤ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠨᠢ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠪᠠᠷ ᠭᠠᠷᠳᠠᠴᠠ ᠪᠣᠯᠭᠠᠵᠤ᠂ ᠪᠥᠬᠦ ᠵᠢᠯ ᠳᠤ ᠬᠤᠲᠠ ᠶᠢᠨ ᠶᠠᠪᠤᠳᠠᠯ᠂ ᠨᠣᠭᠤᠭᠠᠷᠠᠭᠤᠯᠤᠯᠲᠠ᠂ ᠠᠷᠠᠳ ᠤᠨ ᠠᠮᠢᠳᠤᠷᠠᠯ᠂ ᠤᠰᠤᠨ ᠠᠰᠢᠭᠯᠠᠯᠲᠠ᠂ ᠲᠠᠷᠢᠶᠠᠨ ᠭᠠᠵᠠᠷ ᠤᠨ ᠦᠨᠳᠦᠰᠦᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠤᠭᠰᠠᠷᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ 93 ᠵᠦᠢᠯ ᠤᠨ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠮᠡᠳᠡᠭᠦᠯᠦᠨ ᠬᠢᠨᠠᠭᠤᠯᠤᠭᠰᠠᠨ ᠵᠣᠭᠤᠰ ᠤᠨ ᠲᠤᠭ᠎ᠠ ᠨᠢ 28136 ᠲᠦᠮᠡᠨ ᠲᠥᠭᠦᠷᠢᠭ ᠪᠠᠶᠢᠵᠤ᠂ ᠬᠢᠨᠠᠭᠰᠠᠨ ᠤ ᠳᠠᠷᠠᠭᠠᠬᠢ ᠵᠣᠭᠤᠰ ᠤᠨ ᠲᠤᠭ᠎ᠠ ᠨᠢ 26551 ᠲᠦᠮᠡᠨ ᠲᠥᠭᠦᠷᠢᠭ ᠲᠤ ᠬᠦᠷᠴᠦ᠂ 1585 ᠲᠦᠮᠡᠨ ᠲᠥᠭᠦᠷᠢᠭ ᠢ ᠬᠠᠷᠭᠤᠭᠤᠯᠤᠨ ᠬᠠᠰᠤᠵᠤ᠂ ᠶᠡᠷᠦᠩᠬᠡᠢ ᠬᠢᠨᠠᠨ ᠬᠠᠰᠤᠭᠰᠠᠨ ᠨᠣᠷᠮ᠎ᠠ 5.6% ᠳᠤ ᠬᠥᠷᠪᠡ᠃     ᠵᠢᠱᠢᠶ᠎ᠡ ᠦᠵᠡᠭᠦᠯᠬᠦ ᠣᠷᠣᠨ ᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠨᠢ ᠬᠢᠨᠠᠨ ᠲᠣᠭᠲᠠᠭᠠᠬᠤ ᠣᠶᠢᠯᠠᠭᠠᠭᠳᠠᠬᠤᠨ ᠪᠠ ︽ᠪᠤᠰᠤᠳᠴᠢ᠂ ᠲᠥᠪ ᠭᠤᠤᠯᠴᠢ᠂ ᠡᠷᠬᠡ ᠲᠡᠭᠰᠢ ᠪᠠᠶᠢᠬᠤ︾ ᠬᠢᠨᠠᠨ ᠲᠣᠭᠲᠠᠭᠠᠬᠤ ᠵᠠᠷᠴᠢᠮ ᠶᠣᠰᠣᠭᠠᠷ᠂ ᠡᠳ᠋ ᠤᠨ ᠵᠠᠰᠠᠭ ᠤᠨ ᠪᠠᠯᠠ ᠮᠥᠩᠭᠦ ᠶᠢ ᠥᠨᠳᠥᠷ ᠪᠦᠲᠦᠮᠵᠢᠲᠡᠶ ᠪᠠᠷ ᠬᠡᠷᠡᠭᠯᠡᠬᠦ ᠳᠤ ᠬᠦᠴᠦᠲᠡᠶ ᠪᠠᠲᠤᠯᠠᠭ᠎ᠠ ᠬᠠᠩᠭᠠᠵᠤ᠂ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠤᠳᠤᠷᠢᠳᠤᠮᠵᠢ ᠶᠢ ᠰᠠᠨᠠᠭᠠᠴᠢᠯᠠᠭ᠎ᠠ ᠠᠴᠠ ᠪᠠᠨ ᠡᠵᠡᠮᠳᠡᠨ᠂ ᠬᠢᠨᠠᠨ ᠲᠣᠭᠲᠠᠭᠠᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠬᠢᠨᠠᠨ ᠲᠣᠭᠲᠠᠭᠠᠬᠤ ᠪᠣᠭᠤᠮᠲᠠ ᠶᠢ ᠤᠷᠤᠭᠰᠢ ᠰᠢᠯᠵᠢᠭᠦᠯᠵᠦ᠂ ᠡᠷᠲᠡ ᠣᠷᠣᠯᠴᠠᠬᠤ᠂ ᠡᠷᠲᠡ ᠮᠥᠷᠳᠡᠬᠦ ᠶᠢ ᠪᠠᠷᠢᠮᠲᠠᠯᠠᠨ᠂ ᠬᠢᠨᠠᠨ ᠲᠣᠭᠲᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠲᠥᠪ ᠴᠢᠩᠭ᠎ᠠ ᠴᠢᠨᠠᠷ᠂ ᠡᠷᠬᠡ ᠨᠠᠶᠢᠳᠠᠪᠣᠷᠢᠳᠦ ᠴᠢᠨᠠᠷ ᠪᠠ ᠵᠦᠶ ᠶᠣᠰᠣᠴᠢ ᠴᠢᠨᠠᠷ ᠢ ᠦᠨᠡᠨ ᠬᠦ ᠪᠠᠳᠣᠯᠠᠪᠠ᠃     ᠴᠢᠬᠤᠯᠠ ᠴᠢᠬᠤᠯᠠ ᠪᠣᠰᠣ ᠠᠯᠭᠤᠷ ᠪᠠᠴᠢᠮ ᠳᠣᠬᠢᠷᠠᠭᠤᠯᠬᠤ ᠬᠢᠨᠠᠨ ᠲᠣᠭᠲᠠᠭᠠᠬᠤ ᠡᠭᠦᠷᠭᠡ ᠶᠣᠰᠣᠭᠠᠷ᠂ ᠬᠢᠨᠠᠨ ᠲᠣᠭᠲᠠᠭᠠᠬᠤ ᠬᠦᠴᠦᠨ ᠵᠦᠢᠯ ᠢ ᠵᠦᠢ ᠵᠣᠬᠢᠰᠲᠠᠶ ᠲᠣᠬᠢᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠢ ᠤᠷᠢᠳᠠᠪᠠᠷ ᠬᠢᠨᠠᠨ ᠳᠣᠭᠳᠠᠭᠠᠪᠠ᠃ ᠡᠭᠦᠨ ᠤ ᠬᠠᠮᠲᠤ᠂ ᠬᠢᠨᠠᠨ ᠲᠣᠭᠲᠠᠭᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠢᠨᠠᠨ ᠬᠠᠷᠭᠤᠭᠤᠯᠬᠤ ᠭᠤᠤᠯᠳᠠᠯᠭ᠎ᠠ ᠶᠢ ᠡᠮᠬᠢᠯᠡᠵᠦ᠂ ᠬᠠᠤᠯᠢ ᠶᠣᠰᠣᠭᠠᠷ ᠬᠢᠨᠠᠨ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ᠂ ᠵᠢᠷᠤᠮᠵᠢᠭᠤᠯᠤᠨ ᠬᠢᠨᠠᠨ ᠳᠣᠭᠳᠠᠭᠠᠪᠠ᠃ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠲᠣᠭᠲᠠᠭᠠᠬᠤ ᠠᠷᠭ᠎ᠠ ᠮᠠᠶ᠋ᠢᠭ ᠢᠶᠠᠷ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠪᠣᠯᠤᠨ ᠡᠳ᠋ ᠤᠨ ᠵᠠᠰᠠᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠠᠷᠪᠢᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号