ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠳᠠᠷᠤᠮᠠᠯᠯᠠᠨ ᠲᠠᠷᠬᠠᠭᠠᠵᠠᠢ
ᠨᠡᠶᠢᠲᠡᠯᠡᠭᠰᠡᠨ ᠴᠠᠭ᠄
2024/1/8
    ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ ︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠵᠢᠯᠤᠭᠤᠳᠬᠤ ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠤᠨ ᠬᠥᠭᠵᠢᠯᠲᠡ ᠶᠢ ᠪᠦᠬᠦᠯᠢ ᠴᠣᠭᠴᠠ ᠪᠠᠷ ᠲᠥᠯᠥᠪᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠰᠢᠰᠲ᠋ᠧᠮ ᠲᠠᠢ ᠳᠠᠭᠢᠨ ᠴᠣᠭᠴᠠᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠪᠠ᠃    ︽ᠵᠢᠯᠤᠭᠤᠳᠬᠤ ᠰᠠᠨᠠᠯ︾ ᠨᠢ ᠳᠤᠮᠳᠠ ᠣᠷᠳᠣ ᠬᠤᠭᠤᠴᠠᠭᠠᠨ ᠳᠤ ᠰᠠᠭᠤᠷᠢᠯᠠᠨ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ 5 ᠲᠠᠯ᠎ᠠ ᠶᠢᠨ 22 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠨᠢ᠂ ᠶᠡᠷᠦᠩᠬᠡᠢ ᠱᠠᠭᠠᠷᠳᠠᠯᠭ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠯᠤᠭᠤᠳᠬᠤ ᠦᠵᠡᠯ ᠰᠠᠨᠠᠭ᠎ᠠ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ 2030 ᠣᠨ ᠪᠤᠯᠲᠠᠯ᠎ᠠ᠂ ᠣᠯᠠᠨ ᠰᠠᠯᠠᠭ᠎ᠠ ᠮᠥᠴᠢᠷ᠂ ᠭᠠᠵᠠᠷ ᠣᠷᠣᠨ ᠠᠯᠤᠰᠯᠠᠭᠰᠠᠨ᠂ ᠴᠡᠷᠢᠭ ᠠᠩᠭᠢ ᠪᠠ ᠣᠷᠣᠨ ᠨᠤᠲᠤᠭ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠡᠯ᠎ᠡ ᠲᠥᠷᠥᠯ ᠤᠨ ᠲᠤᠰᠬᠠᠢ ᠰᠠᠯᠠᠭᠠᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠪᠠᠷ ᠭᠤᠣᠯ ᠬᠦᠴᠦᠨ ᠪᠤᠯᠭᠠᠬᠰᠠᠨ᠂ ᠡᠮᠴᠢᠯᠡᠭᠡᠨ ᠤ ᠪᠠᠶᠢᠭᠤᠯᠤᠮᠵᠢ ᠪᠠᠷ ᠲᠦᠰᠢᠭ ᠪᠤᠯᠭᠠᠬᠰᠠᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠤᠯᠭᠠᠬᠰᠠᠨ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ᠂ ᠰᠡᠷᠭᠡᠶᠢᠯᠡᠵᠦ ᠵᠠᠰᠠᠬᠤ ᠶᠢ ᠤᠶᠠᠯᠳᠤᠭᠤᠯᠤᠭᠰᠠᠨ᠂ ᠪᠦᠭᠦ ᠨᠡᠶᠢᠭᠡᠮ ᠢᠶᠠᠷ ᠢᠶᠠᠨ ᠬᠠᠮᠵᠢᠯᠴᠠᠭᠰᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠤᠨ᠎ᠠ᠃ ᠬᠤᠶᠠᠷ ᠨᠢ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠰᠢᠰᠲ᠋ᠧᠮ ᠲᠠᠢ ᠳᠠᠭᠢᠨ ᠴᠣᠭᠴᠠᠯᠠᠨ᠎ᠠ᠃ ᠤᠯᠤᠰ᠂ ᠮᠤᠵᠢ᠂ ᠬᠤᠲᠠ᠂ ᠰᠢᠶᠠᠨ ᠤ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠭᠤᠣᠯ ᠡᠭᠦᠷᠭᠡ ᠴᠢᠳᠠᠪᠬᠢ ᠶᠢ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠨ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠡᠭᠦᠷᠭᠡ ᠴᠢᠳᠠᠪᠬᠢ ᠶᠢ ᠴᠢᠩᠭᠠᠳᠬᠠᠵᠤ᠂ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠤᠨ ᠰᠠᠭᠤᠷᠢ ᠶᠢ ᠪᠠᠬᠢᠵᠢᠭᠦᠯᠦᠨ᠎ᠡ᠃ ᠭᠤᠷᠪᠠ ᠨᠢ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯ ᠤᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠬᠠᠯᠳᠠᠪᠤᠷᠢᠲᠤ ᠡᠪᠡᠳᠴᠢᠨ ᠢ ᠠᠪᠤᠷᠠᠨ ᠵᠠᠰᠠᠬᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠣᠷᠤᠯᠴᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠤᠬᠠᠭᠤᠯᠭ᠎ᠠ ᠬᠥᠮᠦᠵᠢᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠪᠡᠯᠡᠳᠬᠡᠯ ᠢ ᠨᠡᠩ ᠭᠦᠢᠴᠡᠳ᠂ ᠤᠷᠢᠳᠴᠢᠯᠠᠨ ᠰᠡᠷᠭᠡᠶᠢᠯᠡᠬᠦ ᠶᠢ ᠨᠡᠩ ᠪᠦᠲᠦᠮᠵᠢᠲᠡᠢ᠂ ᠬᠠᠮᠢᠶᠠᠷᠤᠨ ᠰᠢᠢᠳᠪᠦᠷᠢᠯᠡᠬᠦ ᠶᠢ ᠨᠡᠩ ᠬᠦᠴᠦᠲᠡᠢ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠳᠥᠷᠪᠡ  ᠨᠢ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠂ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠢ ᠬᠡᠷᠡᠭᠯᠡᠬᠦ ᠪᠠ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠠᠵᠢᠯᠲᠠᠨ ᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠡᠩᠨᠡᠭᠡ ᠶᠢᠨ ᠳᠠᠶᠢᠴᠢᠨ ᠬᠦᠴᠦᠨ᠂ ᠨᠢᠭᠲᠠᠷᠠᠯ ᠤᠨ ᠬᠦᠴᠦᠨ ᠢ ᠦᠨᠡᠨ ᠬᠦ ᠳᠡᠭᠡᠭᠰᠢᠯᠡᠭᠦᠯᠦᠨ᠎ᠡ᠃ ᠲᠠᠪᠤ ᠨᠢ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠵᠤ᠂ ᠲᠣᠭᠲᠠᠭᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠬᠤ ᠪᠠᠲᠤᠯᠠᠭ᠎ᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠵᠤ᠂ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠨ᠎ᠠ ᠭᠡᠵᠦ ᠳᠤᠷᠠᠳᠤᠨ ᠭᠠᠷᠭᠠᠪᠠ᠃    ︽ᠵᠢᠯᠤᠭᠤᠳᠬᠤ ᠰᠠᠨᠠᠯ︾ ᠳᠤ᠂ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠲᠠᠯ᠎ᠠ ᠪᠠ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠲᠤᠬᠠᠢ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠱᠠᠯᠠᠪᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号