︽ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠳᠦᠷᠢᠮ︾ ᠢ 2024 | ᠣᠨ ᠤ 1 ᠰᠠᠷ᠎ᠠ ᠶᠢᠨ 1 ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠪᠡ᠃ ᠮᠠᠨ ᠤ ᠤᠯᠤᠰ ᠤᠨ ᠨᠠᠰᠤᠨ ᠳᠤ ᠥᠯᠥ | ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠠᠩᠬᠠᠳᠠᠭᠴᠢ ᠶᠡᠷᠦᠩᠬᠡᠶᠢᠯᠡᠭᠰᠡᠨ ᠬᠠᠤᠯᠢ ᠲᠣᠭᠲᠠᠭᠠᠭᠰᠠᠨ | ᠶᠠᠪᠤᠳᠠᠯ ᠪᠣᠯᠤᠭᠰᠠᠨ ᠤ ᠬᠤᠪᠢ ᠳᠤ᠂ ᠲᠣᠰ ᠳᠦᠷᠢᠮ ᠢ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠨᠠᠰᠤᠨ ᠳᠤ | ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠬᠠᠤᠯᠢᠵᠢᠯ ᠤᠨ ᠪᠠᠶᠢᠭᠤᠯᠤᠯᠲᠠ ᠰᠢᠨ᠎ᠡ ᠱᠠᠲᠤᠨ ᠳᠤ | ᠣᠷᠣᠭᠰᠠᠨ ᠢ ᠬᠠᠷᠠᠭᠤᠯᠵᠤ ᠪᠠᠶᠢᠨ᠎ᠠ᠃ | ᠳᠦᠷᠢᠮ ᠳᠤ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠨ ᠳᠤ ᠥᠯᠥ | ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ᠂ ᠨᠠᠰᠤᠨ ᠳᠤ | ᠥᠯᠥ ᠭᠦᠷᠦᠭᠰᠡᠳ ᠤᠨ ᠰᠦᠯᠵᠢᠶᠡᠨ ᠤ ᠬᠡᠪ ᠪᠣᠯᠪᠠᠰᠤᠷᠠᠯ ᠢ ᠠᠬᠢᠭᠤᠯᠬᠤ᠂ ᠰᠦᠯᠵᠢᠶᠡᠨ ᠤ ᠮᠡᠳᠡᠭᠡ ᠵᠠᠩᠭᠢ ᠶᠢᠨ | ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠠᠰᠤᠨ ᠳᠤ ᠥᠯᠥ ᠭᠦᠷᠦᠭᠰᠡᠳ ᠤᠨ ᠬᠤᠪᠢ ᠬᠥᠮᠥᠨ ᠤ | ᠮᠡᠳᠡᠭᠡ ᠵᠠᠩᠭᠢ ᠶᠢ ᠬᠠᠮᠠᠭᠠᠯᠠᠬᠤ ᠵᠢᠴᠢ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠳᠤ ᠰᠢᠨᠤᠬᠤ ᠶᠢ | ᠰᠡᠷᠭᠡᠶᠢᠯᠡᠨ ᠵᠠᠰᠠᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠣᠭᠲᠠᠭᠠᠵᠤ᠂ ᠨᠡᠯᠢᠶᠡᠳ ᠴᠢᠩᠭ᠎ᠠ ᠬᠠᠨᠳᠤᠯᠭᠠᠲᠤ | ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠵᠠᠢ᠃ | ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ | ᠶᠤᠸᠠᠨ ᡁᠢ ᠵᠢᠶᠧ᠄ ︽ᠳᠦᠷᠢᠮ ᠨᠢ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠨᠠᠰᠤᠨ ᠳᠤ | ᠥᠯᠥ ᠭᠦᠷᠦᠭᠰᠡᠳ ᠲᠠᠢ ᠨᠢᠭᠲᠠ ᠬᠤᠯᠪᠤᠭ᠎ᠠ ᠲᠠᠢ ᠡᠯ᠎ᠡ ᠲᠠᠯ᠎ᠠ ᠶᠢᠨ ᠭᠤᠣᠯ ᠴᠣᠭᠴᠠ ᠶᠢᠨ ᠨᠠᠰᠤᠨ ᠳᠤ ᠥᠯᠥ | ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠠᠵᠢᠯ ᠳᠠᠬᠢ ᠬᠠᠷᠢᠭᠤᠴᠠᠯᠭ᠎ᠠ ᠡᠭᠦᠷᠭᠡ ᠶᠢ ᠲᠣᠭᠲᠠᠭᠠᠵᠤ᠂ | ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠱᠤᠭᠤᠮ ᠢ ᠪᠦᠭᠦ ᠲᠠᠯ᠎ᠠ ᠪᠠᠷ | ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ︾ ᠭᠡᠪᠡ᠃ | ᠪᠡᠭᠡᠵᠢᠩ ᠤᠨ ᠬᠠᠢ ᠳ᠋ᠢᠶᠠᠨ ᠲᠣᠭᠤᠷᠢᠭ ᠤᠨ ᠨᠢᠭᠡᠨ ᠬᠤᠲᠠ ᠶᠢᠨ ᠠᠷᠠᠳ ᠤᠨ ᠠᠵᠢᠯᠯᠠᠭᠠᠨ ᠤ ᠲᠥᠪ ᠤᠨ | ᠠᠵᠢᠯᠲᠠᠨ ᠬᠠᠷᠢᠶᠠᠲᠤ ᠲᠣᠭᠤᠷᠢᠭ ᠤᠨ ᠢᠶᠠᠨ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ ᠬᠥᠮᠦᠵᠢᠯ ᠥᠷᠨᠢᠭᠦᠯᠵᠦ᠂ ᠭᠡᠷ ᠤᠨ ᠠᠬᠠᠮᠠᠳ ᠲᠤ ᠬᠠᠷᠠᠭᠠᠯᠵᠠᠨ ᠬᠠᠮᠠᠭᠠᠯᠠᠭᠴᠢ ᠶᠢᠨ ᠰᠦᠯᠵᠢᠶᠡᠨ ᠤ | ᠬᠡᠪ ᠪᠣᠯᠪᠠᠰᠤᠷᠠᠯ ᠤᠨ ᠬᠥᠮᠦᠵᠢᠯ ᠤᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ ᠭᠡᠵᠦ ᠰᠠᠨᠠᠭᠤᠯᠪᠠ᠃ | ᠲᠢᠶᠠᠨᠵᠢᠨ ᠤ ᠨᠠᠨᠺᠠᠢ ᠲᠣᠭᠤᠷᠢᠭ᠂ ᠾᠧᠪᠧᠢ ᠲᠣᠭᠤᠷᠢᠭ ᠵᠡᠷᠭᠡ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ | ᠮᠥᠴᠢᠷ ᠨᠠᠰᠤᠨ ᠳᠤ ᠥᠯᠥ ᠭᠦᠷᠦᠭᠰᠡᠳ ᠢ ᠪᠠᠶᠢᠴᠠᠭᠠᠬᠤ ᠠᠵᠢᠯ ᠤᠨ ᠲᠠᠰᠤᠭ ᠲᠠᠢ ᠬᠤᠯᠪᠤᠭᠠᠯᠠᠨ᠂ ᠬᠠᠤᠯᠢᠵᠢᠯ ᠤᠨ | ᠤᠬᠠᠭᠤᠯᠤᠨ ᠲᠠᠶᠢᠯᠪᠤᠷᠢᠯᠠᠬᠤ ᠲᠠᠪᠴᠠᠩ ᠢ ︽ᠲᠤᠬᠠᠢ ᠶᠢᠨ ᠲᠠᠯᠠᠪᠤᠷ︾ ᠠᠴᠠ ︽ᠰᠦᠯᠵᠢᠶᠡᠨ ᠳᠡᠭᠡᠷ᠎ᠡ︾ | ᠰᠢᠯᠵᠢᠭᠦᠯᠪᠡ᠃ ᠴᠦᠩᠴᠢᠩ ᠤᠨ ᠹᠧᠩ ᠳ᠋ᠦ᠋ ᠰᠢᠶᠠᠨ ᠤ ᠰᠤᠷᠭᠠᠨ ᠬᠥᠮᠦᠵᠢᠯ ᠤᠨ ᠵᠥᠪᠯᠡᠯ ︽ᠰᠦᠯᠵᠢᠶᠡᠨ ᠳᠤ | ᠰᠢᠨᠤᠬᠤ ᠶᠢ ᠰᠡᠷᠭᠡᠶᠢᠯᠡᠬᠦ ᠪᠠ ᠵᠠᠰᠠᠬᠤ︾ ᠰᠢᠯᠢᠳᠡᠭ ᠬᠢᠴᠢᠶᠡᠯ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠥᠷᠨᠢᠭᠦᠯᠪᠡ ᠁ ᠲᠣᠰ ᠲᠣᠰ ᠤᠨ ᠣᠨᠴᠠᠯᠢᠭ ᠲᠠᠢ ᠤᠬᠠᠭᠤᠯᠭ᠎ᠠ ᠶᠢᠨ ᠠᠵᠢᠯᠯᠠᠭ᠎ᠠ ᠪᠠᠷ | ᠳᠠᠮᠵᠢᠭᠤᠯᠤᠨ᠂ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠡᠯ᠎ᠡ ᠲᠠᠯ᠎ᠠ ᠶᠢᠨ | ᠭᠤᠣᠯ ᠴᠣᠭᠴᠠ ᠳᠤ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳ ᠣᠶᠢᠯᠠᠭᠠᠭᠤᠯᠪᠠ᠃ | ᠰᠦᠯᠵᠢᠶᠡᠨ ᠳᠤ ᠰᠢᠨᠤᠬᠤ ᠶᠢ ᠰᠡᠷᠭᠡᠶᠢᠯᠡᠨ ᠵᠠᠰᠠᠬᠤ ᠲᠠᠯ᠎ᠠ ᠪᠠᠷ᠂ ᠳᠦᠷᠢᠮ ᠳᠤ ᠪᠠᠭᠰᠢ ᠨᠠᠷ ᠤᠨ ᠨᠠᠰᠤᠨ ᠳᠤ | ᠥᠯᠥ ᠬᠦᠷᠬᠦ ᠰᠤᠷᠤᠬᠴᠢᠳ ᠤᠨ ᠰᠦᠯᠵᠢᠶᠡᠨ ᠳᠤ ᠰᠢᠨᠤᠬᠤ ᠶᠢ ᠡᠷᠲᠡ ᠠᠴᠠ ᠢᠯᠭᠠᠨ ᠲᠠᠨᠢᠬᠤ ᠪᠠ ᠨᠥᠯᠥᠭᠡᠯᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠶᠢ ᠠᠮᠤᠷ ᠲᠦᠪᠰᠢᠨ ᠵᠦᠢ | ᠵᠣᠬᠢᠰᠲᠠᠢ ᠬᠡᠷᠡᠭᠯᠡᠬᠦ ᠲᠤᠬᠠᠢ ᠪᠠᠭᠰᠢ ᠨᠠᠷ ᠲᠤ ᠬᠠᠨᠳᠤᠭᠤᠯᠤᠭᠰᠠᠨ ᠵᠢᠯᠣᠭᠤᠳᠤᠯᠭ᠎ᠠ ᠶᠢ ᠴᠢᠩᠭᠠᠳᠬᠠᠬᠤ ᠭᠡᠷᠡᠭᠲᠡᠶ᠃ | ᠰᠦᠯᠵᠢᠶᠡᠨ ᠤ ᠦᠢᠯᠡᠴᠢᠯᠡᠭᠡ ᠬᠠᠩᠭᠠᠭᠴᠢ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠬᠡᠮᠵᠢᠶ᠎ᠡ ᠶᠢ | ᠵᠦᠢ ᠵᠣᠬᠢᠰᠲᠠᠢ ᠬᠢᠵᠠᠭᠠᠷᠯᠠᠵᠤ᠂ ᠤᠷᠤᠰᠴᠠ ᠶᠢ ᠳᠡᠭᠡᠳᠦᠯᠡᠬᠦ ᠵᠡᠷᠭᠡ ᠡᠷᠡᠭᠦᠯ ᠪᠤᠰᠤ ᠥᠷᠲᠡᠭ ᠤᠨ ᠬᠠᠨᠳᠤᠰᠢ ᠶᠢ | ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ | ᠮᠠᠰᠢ ᠣᠯᠠᠨ ᠪᠠᠭᠰᠢ ᠨᠠᠷ᠂ ᠳᠦᠷᠢᠮ ᠨᠢ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ | ᠠᠵᠢᠯ ᠤᠨ ᠳᠤᠮᠳᠠᠬᠢ ᠰᠤᠷᠭᠠᠭᠤᠯᠢ ᠶᠢᠨ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠵᠤ᠂ ᠡᠮᠦᠨ᠎ᠡ ᠹᠷᠣᠨᠲ ᠤᠨ | ᠪᠠᠭᠰᠢ ᠨᠠᠷ ᠲᠤ ᠨᠠᠩ ᠥᠨᠳᠥᠷ ᠱᠠᠭᠠᠷᠳᠠᠯᠭ᠎ᠠ ᠳᠤᠷᠠᠳᠴᠠᠢ᠃ ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠭᠠᠨ | ᠬᠥᠮᠥᠵᠢᠭᠦᠯᠬᠦ ᠪᠠ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠦᠯᠵᠢᠶᠡᠨ ᠤ ᠬᠡᠪ ᠪᠣᠯᠪᠠᠰᠤᠷᠠᠯ ᠤᠨ ᠰᠤᠷᠭᠠᠨ | ᠬᠥᠮᠦᠵᠢᠯ ᠢ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠤᠨ ᠠᠭᠤᠯᠭ᠎ᠠ ᠳᠤ ᠣᠷᠣᠭᠤᠯᠤᠨ᠎ᠠ ᠭᠡᠵᠦ | ᠢᠯᠡᠳᠬᠡᠵᠡᠭᠡᠪᠡ᠃ | ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ | ᠮᠥᠴᠢᠷ ᠬᠠᠤᠯᠢ ᠶᠢ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠬᠤ᠂ ᠰᠢᠨ᠎ᠡ | ᠮᠡᠷᠭᠡᠵᠢᠯ ᠰᠢᠨ᠎ᠡ ᠬᠡᠷᠡᠭᠯᠡᠯᠲᠡ ᠶᠢ ᠠᠰᠢᠭᠯᠠᠨ ᠪᠣᠯᠬᠢ ᠪᠦᠳᠦᠭᠦᠯᠢᠭ ᠠᠭᠤᠯᠭ᠎ᠠ ᠦᠢᠯᠡᠳᠬᠦ ᠵᠡᠷᠭᠡ ᠲᠣᠪᠣᠶᠢᠮ᠎ᠠ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠦᠯᠵᠢᠶᠡᠨ ᠤ ᠣᠷᠴᠢᠨ ᠨᠥᠬᠦᠴᠡᠯ ᠢ ᠦᠷᠭᠦᠯᠵᠢᠯᠡᠨ | ᠴᠡᠪᠡᠷᠰᠢᠭᠦᠯᠦᠨ᠎ᠡ᠃ ᠪᠠᠶᠢᠴᠠᠭᠠᠬᠤ ᠪᠠᠶᠢᠭᠤᠯᠭ᠎ᠠ ᠳᠦᠷᠢᠮ ᠤᠨ ᠲᠣᠭᠲᠠᠭᠠᠯ ᠠᠴᠠ ᠵᠥᠷᠢᠴᠡᠭᠰᠡᠨ᠂ ᠨᠠᠰᠤᠨ ᠳᠤ ᠥᠯᠥ | ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠶᠯᠡ ᠠᠵᠢᠯᠯᠠᠭ᠎ᠠ ᠳᠤ ᠬᠠᠨᠳᠤᠭᠤᠯᠤᠨ᠂ | ᠪᠠᠶᠢᠴᠠᠭᠠᠵᠤ ᠬᠠᠤᠯᠢ ᠬᠡᠷᠡᠭᠵᠢᠭᠦᠯᠵᠦ ᠬᠠᠮᠠᠭᠠᠯᠠᠬᠤ ᠪᠠᠨ ᠴᠢᠨᠠᠭᠰᠢᠳᠠ ᠴᠢᠩᠭᠠᠳᠬᠠᠵᠤ᠂ ᠨᠠᠰᠤᠨ ᠳᠤ ᠥᠯᠥ | ᠭᠦᠷᠦᠭᠰᠡᠳ ᠲᠤ ᠠᠷᠢᠭᠤᠨ ᠴᠢᠬᠡᠴᠢ ᠠᠮᠤᠷ ᠲᠦᠪᠰᠢᠨ ᠰᠦᠯᠵᠢᠶᠡᠨ ᠤ ᠣᠷᠴᠢᠨ ᠨᠥᠬᠦᠴᠡᠯ ᠢ ᠪᠤᠶ ᠪᠤᠯᠭᠠᠵᠤ | ᠥᠭᠬᠦ ᠪᠣᠯᠣᠨ᠎ᠠ᠃ |