ᠠᠶᠢᠮᠠᠭ ᠤᠨ ᠵᠠᠬᠢᠷᠭ᠎ᠠ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠲᠠᠢ ᠬᠠᠮᠳᠤᠷᠠᠯᠴᠠᠭᠠᠨ ᠤ ᠬᠡᠯᠡᠯᠴᠡᠭᠡᠷ ᠲᠤᠭᠳᠠᠪᠠ
ᠨᠡᠶᠢᠲᠡᠯᠡᠭᠰᠡᠨ ᠴᠠᠭ᠄
2024/10/11
    10 ᠰᠠᠷ᠎ᠠ ᠶᠢᠨ 9 ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠦᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠯᠢ ᠮᠢᠩ ᠲᠠᠢ ᠠᠭᠤᠯᠵᠠᠭᠰᠠᠨ ᠪᠥᠭᠡᠳ ᠭᠡᠷ᠎ᠡ ᠲᠣᠭᠲᠠᠬᠤ ᠶᠤᠰᠤᠯᠠᠯ ᠳᠤ ᠤᠷᠤᠯᠴᠠᠪᠠ᠃
1.jpg
    ᠪᠠᠢ ᠬᠠᠢ ᠯᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢ ᠲᠥᠯᠥᠭᠡᠯᠡᠨ ᠵᠤᠤ ᠯᠢ ᠮᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠤᠷᠳᠤ ᠬᠤᠭᠤᠴᠠᠭᠠᠨ ᠤ ᠲᠤᠷᠰᠢ ᠠᠯᠠᠱᠠ ᠶᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠪᠣᠯ ᠲᠦᠢᠯ ᠤᠨ ᠭᠠᠩ ᠬᠠᠭᠤᠷᠠᠢ ᠪᠤᠷᠤᠭ᠎ᠠ ᠬᠤᠷ᠎ᠠ ᠴᠥᠭᠡᠨ ᠭᠠᠵᠠᠷ ᠣᠷᠣᠨ᠂ ᠤᠰᠤᠨ ᠤ ᠬᠦᠴᠢᠷᠳᠡᠯ  ᠠᠴᠠ ᠪᠤᠯᠵᠦ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠦ ᠪᠠᠶᠢᠭ᠎ᠠ ᠠᠰᠠᠭᠤᠳᠠᠯ ᠨᠠᠩ ᠴᠤ ᠲᠣᠪᠤᠶᠢᠮ᠎ᠠ ᠪᠠᠶᠢᠵᠤ᠂ ᠤᠰᠤᠨ ᠤ ᠬᠦᠴᠢᠷᠳᠡᠯ ᠤᠨ ᠠᠰᠠᠭᠤᠳᠠᠯ ᠢ ᠰᠶᠢᠳᠪᠦᠷᠢᠯᠡᠬᠦ ᠬᠦᠰᠡᠯ ᠡᠷᠡᠮᠡᠯᠵᠡᠯ ᠨᠠᠩ ᠴᠤ ᠳᠣᠯᠭᠠᠮ᠎ᠠ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠲᠦᠷᠦᠯ ᠵᠦᠢᠯ᠂ ᠪᠡᠯᠡ ᠮᠥᠩᠭᠦ᠂ ᠲᠤᠨᠤᠭ ᠲᠥᠬᠦᠭᠡᠷᠦᠮᠵᠢ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠪᠠᠷ ᠨᠡᠩ ᠠᠷᠪᠢᠨ ᠳᠡᠮᠵᠢᠯᠭᠡ ᠦᠵᠡᠭᠦᠯᠵᠦ᠂ ᠠᠯᠠᠱᠠ ᠶᠢ ᠬᠠᠪᠰᠤᠷᠤᠨ ᠴᠠᠭ ᠠᠭᠤᠷ ᠤᠨ ᠦᠢᠯᠡᠴᠢᠯᠡᠭᠡᠨ ᠤ ᠪᠦᠬᠦᠯᠢ ᠴᠣᠭᠴᠠ ᠶᠢᠨ ᠪᠠᠳᠣᠯᠠᠬᠤ ᠴᠢᠳᠠᠪᠤᠷᠢ ᠪᠣᠯᠣᠨ ᠲᠦᠪᠰᠢᠨ ᠢ ᠲᠡᠭᠡᠭᠰᠢᠯᠡᠭᠦᠯᠭᠦ ᠶᠢ ᠬᠦᠰᠡᠵᠦ ᠪᠠᠶᠢᠨ᠎ᠠ ᠭᠡᠵᠡᠢ᠃    ᠵᠤᠤ ᠯᠢ ᠮᠢᠩ ᠠᠯᠠᠱᠠ ᠶᠢᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠠᠯᠠᠱᠠ ᠶᠢᠨ ᠴᠠᠭ ᠠᠭᠤᠷ ᠤᠨ ᠠᠵᠢᠯ ᠳᠤ ᠣᠯᠣᠭᠰᠠᠨ ᠠᠮᠵᠢᠯᠲᠠ ᠪᠦᠲᠦᠮᠵᠢ ᠶᠢ ᠬᠦᠢᠴᠡᠳ ᠨᠤᠳᠠᠯᠠᠵᠦ ᠬᠦᠯᠢᠶᠡᠨ ᠵᠥᠪᠰᠢᠶᠡᠷᠡᠵᠦ ᠪᠠᠶᠢᠬᠤ ᠪᠠᠨ ᠢᠯᠡᠳᠬᠡᠪᠡ᠃ ᠲᠡᠷᠡ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠣᠷᠣᠨ ᠨᠤᠲᠤᠭ ᠤᠨ ᠬᠥᠭᠵᠢᠯᠳᠡ ᠳᠤ ᠠᠭᠤᠰᠤᠯᠴᠠᠵᠤ᠂ ᠣᠷᠣᠨ ᠨᠤᠲᠤᠭ ᠲᠤ ᠢᠳᠡᠪᠬᠢᠲᠡᠢ ᠦᠢᠯᠡᠴᠢᠯᠡᠨ᠂ ︽ᠴᠠᠭ ᠠᠭᠤᠷ +︾ ᠠᠰᠢᠭ ᠬᠦᠷᠲᠡᠭᠡᠭᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠨ ᠠᠬᠢᠭᠤᠯᠤᠨ᠂ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠴᠠᠭ ᠠᠭᠤᠷ ᠤᠨ ᠪᠠᠲᠤᠯᠠᠭ᠎ᠠ ᠬᠠᠩᠭᠠᠨ᠎ᠠ ᠭᠡᠪᠡ᠃
2.jpg
    ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠴᠠᠭ ᠠᠭᠤᠷ ᠢᠶᠠᠷ ᠠᠰᠢᠭ ᠬᠦᠷᠲᠡᠭᠡᠭᠦ ᠶᠠᠪᠤᠳᠠᠯ ᠢᠶᠠᠷ ᠭᠤᠣᠯᠳᠠᠯᠭ᠎ᠠ ᠪᠣᠯᠭᠠᠵᠤ᠂ ᠴᠠᠭ ᠠᠭᠤᠷ ᠤᠨ ᠰᠢᠨᠵᠢᠯᠡᠭᠡ ᠮᠡᠷᠭᠡᠵᠢᠯ ᠤᠨ ᠴᠢᠳᠠᠪᠤᠷᠢ ᠶᠢᠨ ᠣᠳᠣᠬᠢᠴᠢᠯᠠᠯᠲᠠ ᠪᠠ ᠨᠡᠶᠢᠭᠡᠮ ᠤᠨ ᠦᠢᠯᠡᠴᠢᠯᠡᠭᠡᠨ ᠤ ᠣᠳᠣᠬᠢᠴᠢᠯᠠᠯᠲᠠ ᠪᠠᠷ ᠬᠥᠳᠡᠯᠭᠡᠭᠦᠷ ᠪᠣᠯᠭᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ᠂ ᠭᠤᠪᠢ ᠮᠠᠩᠬᠠᠨ ᠤᠷᠤᠨ ᠤ ᠠᠮᠢ ᠠᠬᠤᠢ ᠶᠢᠨ ᠴᠠᠭ ᠠᠭᠤᠷ ᠤᠨ ᠦᠢᠯᠡᠴᠢᠯᠡᠭᠡ ᠪᠠᠲᠤᠯᠠᠭ᠎ᠠ᠂ ︽ᠴᠠᠭ ᠠᠭᠤᠷ +︾ ᠠᠰᠢᠭ ᠬᠦᠷᠲᠡᠭᠡᠭᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠳᠤ ᠴᠠᠭ ᠠᠭᠤᠷ ᠤᠨ ᠪᠠᠲᠤᠯᠠᠭ᠎ᠠ ᠬᠠᠩᠭᠠᠬᠤ ᠵᠡᠷᠭᠡ ᠲᠠᠪᠤᠨ ᠵᠦᠢᠯ ᠤᠨ ᠢᠨᠵᠧᠨᠧᠷᠢᠩ ᠢ ᠬᠠᠮᠲᠤᠪᠠᠷ ᠬᠡᠷᠡᠭᠵᠢᠭᠦᠯᠵᠦ᠂ ᠠᠯᠠᠱᠠ ᠶᠢᠨ ᠣᠨᠴᠠᠯᠢᠭ ᠲᠠᠢ ᠨᠡᠩ ᠥᠨᠳᠥᠷ ᠲᠦᠪᠰᠢᠨ ᠤ ᠴᠠᠭ ᠠᠭᠤᠷ ᠤᠨ ᠣᠳᠣᠬᠢᠴᠢᠯᠠᠯᠲᠠ ᠶᠢᠨ ᠳᠣᠭᠳᠠᠯᠴᠠᠭ᠎ᠠ ᠶᠢ ᠬᠦᠴᠦ ᠪᠠᠨ ᠬᠠᠮᠲᠤᠳᠬᠠᠨ ᠪᠠᠶᠢᠭᠤᠯᠬᠤ ᠪᠤᠯᠤᠨ᠎ᠠ᠃    ᠯᠢᠦ ᠳ᠋ᠧ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号