ᠪᠠᠢ ᠬᠠᠢ ᠯᠢᠨ ᠳᠤᠮᠳᠠᠳᠤ ᠤᠯᠤᠰ ᠤᠨ ᠴᠢᠯᠠᠭᠤᠨ ᠳᠣᠰᠣᠨ ᠤ ᠨᠢᠩᠰᠢᠶᠠ ᠶᠢᠨ ᠴᠢᠯᠠᠭᠤᠨ ᠲᠤᠰᠤ ᠬᠢᠮᠢ ᠶᠢᠨ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠢᠩ ᠵᠢᠶᠠᠨ ᠺᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/11
   10 ᠳ᠋ᠤᠭᠠᠷ ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠳᠤᠮᠳᠠᠳᠤ ᠤᠯᠤᠰ ᠤᠨ ᠴᠢᠯᠠᠭᠤᠨ ᠳᠣᠰᠣᠨ ᠤ ᠨᠢᠩᠰᠢᠶᠠ ᠶᠢᠨ ᠴᠢᠯᠠᠭᠤᠨ ᠲᠣᠰᠣ ᠬᠢᠮᠢ ᠶᠢᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠰᠢᠩ ᠵᠢᠶᠠᠨ ᠺᠠᠩ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠴᠡᠭᠡ ᠪᠣᠭᠤᠮᠲᠠ ᠶᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠷᠭᠠᠯᠲᠠ᠂ ᠬᠠᠮᠲᠤᠷᠠᠯᠴᠠᠭᠠᠨ ᠤ ᠲᠥᠷᠥᠯ ᠵᠦᠢᠯ ᠢ ᠠᠬᠢᠭᠤᠯᠵᠤ ᠨᠠᠶᠢᠳᠠᠪᠤᠷᠢᠵᠢᠭᠤᠯᠬᠤ ᠳᠣᠬᠠᠢ ᠶᠠᠷᠢᠯᠴᠠᠨ ᠰᠣᠯᠢᠯᠴᠠᠪᠠ᠃
1.jpg
     ᠪᠠᠢ ᠬᠠᠢ ᠯᠢᠨ ᠰᠢᠩ ᠵᠢᠶᠠᠨ ᠺᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠠᠭ ᠨᠠᠩ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭ᠎ᠠ ᠶᠢᠨ ᠴᠢᠳᠠᠪᠤᠷᠢ ᠶᠢ ᠲᠦᠷᠬᠡᠨ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠦᠢᠯᠡᠰ ᠤᠨ ᠪᠠᠶᠢᠷᠢᠰᠢᠯ ᠢ ᠬᠦᠴᠦᠯᠡᠨ ᠳᠣᠭᠢᠷᠠᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠵᠦ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠵᠦ ᠪᠠᠶᠢᠨ᠎ᠠ᠃ ᠴᠡᠭᠡ ᠪᠣᠭᠤᠮᠲᠠ ᠳᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠷᠭᠠᠯᠲᠠ ᠶᠢᠨ ᠠᠷᠠᠯᠵᠢᠶ᠎ᠠ ᠶᠢ ᠦᠷᠨᠢᠬᠦᠯᠬᠦ ᠳᠤ ᠠᠯᠠᠱᠠ ᠰᠠᠭᠤᠷᠢ ᠲᠠᠢ᠂ ᠳᠠᠪᠠᠭᠤᠯᠢᠭ ᠲᠠᠢ᠂ ᠬᠡᠷᠡᠭᠴᠡᠭᠡ ᠲᠠᠢ ᠪᠠᠶᠢᠵᠤ᠂ ᠠᠵᠤ ᠠᠬᠤᠶᠢᠯᠠᠯ ᠤᠨ ᠬᠢᠨ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠲᠠᠯ᠎ᠠ ᠶᠢᠨ ᠡᠬᠢ ᠪᠠᠶᠠᠯᠢᠭ ᠪᠣᠯᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠᠨ ᠴᠢᠩᠭᠠᠳᠬᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠬᠦᠰᠡᠵᠦ ᠪᠠᠶᠢᠨ᠎ᠠ ᠭᠡᠪᠡ᠃
2.jpg
    ᠰᠢᠩ ᠵᠢᠶᠠᠨ ᠺᠠᠩ᠂ ᠠᠯᠠᠱᠠ ᠲᠣᠪᠤᠶᠢᠮ᠎ᠠ ᠣᠷᠣᠨ ᠪᠠᠶᠢᠷᠢ ᠶᠢᠨ ᠳᠠᠪᠠᠭᠤᠯᠢᠭ ᠲᠠᠢ᠂ ᠡᠬᠢ ᠪᠠᠶᠠᠯᠢᠭ ᠣᠬᠢ ᠰᠢᠯᠢᠳᠡᠭ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠳᠠᠪᠠᠭᠤᠯᠢᠭ ᠪᠠᠶᠢᠵᠦ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠶᠣᠮ᠃ ᠠᠵᠤ ᠠᠬᠤᠶᠢᠯᠠᠯ ᠤᠨ ᠬᠢᠨ ᠠᠯᠠᠱᠠ ᠳᠤ ᠪᠡᠯᠡ ᠣᠷᠣᠭᠤᠯᠬᠤ ᠳᠤ ᠢᠲᠡᠭᠡᠯ ᠲᠡᠭᠦᠯᠳᠡᠷ ᠪᠠᠶᠢᠵᠦ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠬᠤᠪᠢ ᠨᠡᠮᠡᠷᠢ  ᠪᠠᠨ ᠦᠵᠡᠭᠦᠯᠬᠦ ᠪᠠᠷ ᠴᠢᠷᠮᠠᠶᠢᠨ᠎ᠠ ᠭᠡᠪᠡ᠃
3.jpg
     ᠪᠦᠦ ᠶᠧ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号