ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠯᠤᠨ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠦᠪᠯᠡᠯᠴᠡᠭᠡᠷ ᠲᠤᠬᠢᠷᠠᠯᠴᠠᠪᠠ
ᠨᠡᠶᠢᠲᠡᠯᠡᠭᠰᠡᠨ ᠴᠠᠭ᠄
2024/10/11
    10 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠬᠥᠬᠡᠬᠤᠲᠠ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ ᠨᠠᠮ ᠤᠨ ᠬᠤᠷᠢᠶ᠎ᠠ ᠶᠢᠨ ᠱᠦᠵᠢ ᠯᠸᠢ ᠶᠠ ᠯᠢᠨ ᠲᠠᠢ ᠠᠭᠤᠯᠵᠠᠭᠰᠠᠨ ᠪᠥᠭᠡᠳ ᠬᠠᠮᠳᠤ ᠪᠠᠷ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃    ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠯᠸᠢ ᠶᠠ ᠯᠢᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠣᠳᠣᠬᠠᠨ ᠳᠤ ᠪᠦᠬᠦ ᠣᠷᠣᠨ ᠳᠠᠶᠠᠭᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠳᠣᠣᠱᠯᠠᠭᠤᠯᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠡᠯ᠎ᠡ ᠲᠠᠯ᠎ᠠ ᠪᠠᠷ ᠪᠦᠷ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠪᠠᠷ ᠲᠠᠮᠡᠴᠠᠵᠤ ᠪᠠᠶᠢᠨ᠎ᠠ᠃ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠯᠤᠰ ᠤᠨ ︽ᠠᠭᠤᠷᠬᠠᠢ ᠶᠢᠨ ᠪᠤᠯᠠᠭᠳᠠᠴᠠ ᠠᠮᠤ ᠶᠢᠨ ᠰᠠᠩ︾ ᠭᠡᠵᠤ ᠬᠡᠯᠡᠪᠡ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠮᠠᠰᠢ ᠴᠢᠩᠭ᠎ᠠ ᠲᠤᠰᠬᠠᠢ ᠮᠡᠷᠭᠡᠵᠢᠯ ᠤᠨ ᠪᠣᠳᠠᠲᠤ ᠬᠦᠴᠦᠨ ᠲᠠᠢ ᠪᠠᠶᠢᠵᠤ᠂ ᠪᠢᠳᠠᠨ ᠲᠠᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠵᠡᠷᠭᠡ ᠲᠠᠯ᠎ᠠ ᠪᠠᠷ ᠥᠷᠭᠡᠨ ᠳᠡᠯᠭᠡᠷ ᠬᠠᠮᠲᠤᠷᠠᠯᠴᠠᠭᠠᠨ ᠤ ᠠᠯᠤᠰ ᠢᠷᠡᠭᠡᠳᠦᠢ ᠲᠠᠢ ᠶᠤᠮ᠃ ᠵᠦᠪᠯᠡᠯᠴᠡᠭᠡᠷ ᠲᠤ ᠭᠠᠷ ᠤᠨ ᠦᠰᠦᠭ ᠵᠢᠷᠤᠬᠰᠠᠨ ᠢᠶᠠᠷ ᠰᠢᠨ᠎ᠡ ᠭᠠᠷᠤᠭ᠎ᠠ ᠪᠣᠯᠭᠠᠵᠤ᠂ ᠪᠠᠶᠢᠩᠭᠤᠵᠢᠭᠰᠠᠨ ᠤᠯᠤᠯᠴᠠᠭ᠎ᠠ ᠵᠣᠯᠭᠠᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠴᠢᠳᠠᠪᠤᠷᠢᠲᠠᠨ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠥᠪᠯᠡᠨ ᠲᠣᠭᠲᠠᠭᠰᠠᠨ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃    ᠯᠧᠢ ᠶᠠ ᠯᠢᠨ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠯ ᠨᠢ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ ᠲᠤᠰᠬᠠᠶ ᠮᠡᠷᠭᠡᠵᠢᠯ ᠤᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠠᠭᠤᠷᠢ ᠮᠠᠰᠢᠨ ᠰᠠᠶᠢᠨ᠃ ᠪᠢᠳᠠ ᠳᠤᠷᠠᠲᠠᠶ᠎ᠠ ᠰᠢᠨᠵᠢᠯᠡᠭᠡᠨ ᠤ ᠰᠠᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤᠮᠳᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ ᠵᠠᠬᠢᠷᠤᠯ ᠰᠦᠨ ᠵᠢᠦ ᠬᠤᠩ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号