ᠪᠠᠢ ᠬᠠᠢ ᠯᠢᠨ ᠮᠧᠩ ᠱᠠᠩ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠨᠢᠦ ᠭᠤᠸᠠᠨ ᠷᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/12
    10 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠮᠧᠩ ᠱᠠᠩ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠨᠢᠦ ᠭᠤᠸᠠᠨ ᠷᠦᠩ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠵᠠᠰᠠᠭ ᠪᠠᠩᠬᠢ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃
1.jpg
     ᠪᠠᠢ ᠬᠠᠢ ᠯᠢᠨ ᠨᠢᠦ ᠭᠤᠸᠠᠨ ᠷᠦᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠮᠧᠩ ᠱᠠᠩ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠠᠯᠠᠱᠠ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠠᠯᠠᠱᠠ ᠶᠠᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠵᠢᠯᠣᠭᠤᠳᠤᠮᠵᠢ ᠪᠣᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ ᠪᠠᠶᠢᠨ᠎ᠠ᠃ ᠮᠧᠩ ᠱᠠᠩ ᠪᠠᠩᠬᠢ ᠰᠢᠰᠲ᠋ᠧᠮ ᠲᠠᠢ ᠪᠠᠷ ᠲᠥᠯᠥᠪᠵᠢᠭᠦᠯᠬᠦ ᠪᠠᠨ ᠴᠢᠩᠭᠠᠳᠬᠠᠵᠤ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠥᠨ ᠵᠢᠯᠣᠭᠤᠳᠴᠤ ᠪᠠᠶᠢᠭᠠᠳ ᠠᠯᠠᠱᠠ ᠳᠤ ᠣᠷᠣᠭᠤᠯᠵᠤ᠂ ᠬᠠᠮᠲᠤᠪᠠᠷ ᠠᠰᠢᠭ ᠭᠥᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
2.jpg
     ᠨᠢᠦ ᠭᠤᠸᠠᠨ ᠷᠦᠩ ᠠᠯᠠᠱᠠ ᠶᠢᠨ ᠬᠠᠯᠠᠮᠵᠢᠯᠠᠯ ᠳᠡᠮᠵᠢᠯᠭᠡ ᠳᠤ ᠲᠠᠯᠠᠷᠬᠠᠪᠠ᠃ ᠲᠡᠷᠡ᠂ ᠣᠶᠢᠷ᠎ᠠ ᠶᠢᠨ ᠵᠢᠯ ᠳᠤ ᠂ ᠠᠯᠠᠱᠠ ᠶᠢᠨ ᠬᠥᠭᠵᠢᠯᠲᠡ ᠶᠢᠨ ᠨᠥᠭᠡᠴᠡ ᠬᠦᠴᠦᠨ᠂ ᠠᠮᠢᠵᠢᠷᠠᠯ ᠤᠨ ᠬᠦᠴᠦᠨ ᠤᠯᠠᠮ ᠠᠴᠠ ᠤᠯᠠᠮ ᠴᠢᠩᠭᠠᠷᠠᠵᠤ ᠂ ᠠᠵᠤ ᠠᠬᠤᠶᠢᠯᠠᠯ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠥᠷᠭᠡᠳᠬᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃     ᠮᠥᠩᠬᠡ ᠠᠭᠤᠯᠵᠠᠯᠲᠠ ᠳᠤ ᠤᠷᠤᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号