ᠮᠠᠨ ᠤ ᠤᠷᠤᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/10/12
    ᠣᠶᠢᠷ᠎ᠠ ᠶᠢᠨ ᠵᠢᠯ ᠳᠤ᠂ ᠮᠠᠨ ᠤ ᠤᠷᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ  ᠶᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃    2023 ᠣᠨ ᠤ 8 ᠰᠠᠷ᠎ᠠ ᠳᠤ᠂ ᠮᠠᠨ ᠤ ᠤᠷᠤᠨ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠪᠣᠯᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠵᠤ᠂ 2024 ᠣᠨ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠤᠨ ᠠᠵᠤ ᠦᠢᠯᠡᠰ ᠢ ᠨᠢᠭᠡ ᠴᠣᠭᠴᠠᠵᠢᠭᠤᠯᠬᠤ ᠢᠨᠵᠧᠨᠧᠷᠢᠩ ᠢ ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠶᠡᠭᠡ ᠭᠤᠤᠯᠳᠠᠯᠭ᠎ᠠ ᠲᠠᠢ ᠢᠨᠵᠧᠨᠧᠷᠢᠩ ᠤᠨ ᠲᠡᠷᠢᠭᠦᠨ ᠴᠢᠬᠤᠯᠠ ᠪᠠᠶᠢᠷᠢ ᠳᠤ ᠲᠠᠯᠪᠢᠵᠤ ᠬᠦᠴᠦᠲᠡᠶ ᠠᠬᠢᠭᠤᠯᠪᠠ᠃ 2023 ᠣᠨ ᠳᠤ᠂ ᠮᠠᠨ ᠤ ᠤᠷᠤᠨ ᠨᠡᠶᠢᠲᠡ 556 ᠲᠦᠮᠡᠨ ᠮᠥ ᠣᠶᠢᠵᠢᠭᠤᠯᠵᠤ᠂ 1817 ᠲᠦᠮᠡᠨ ᠮᠥ ᠡᠪᠡᠰᠦ ᠳᠠᠷᠢᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠢ 950 ᠲᠦᠮᠡᠨ ᠮᠥ ᠬᠦᠷᠴᠤ᠂ ᠪᠥᠬᠦ ᠤᠯᠤᠰ ᠲᠤ ᠲᠡᠷᠢᠬᠦᠯᠡᠵᠦ᠂ ᠣᠨ ᠤ ᠲᠥᠯᠥᠪᠯᠡᠭᠡ ᠪᠠᠨ ᠪᠥᠬᠦ ᠲᠠᠯ᠎ᠠ ᠪᠠᠷ ᠳᠠᠪᠠᠭᠤᠯᠤᠨ ᠪᠡᠶᠡᠯᠡᠭᠦᠯᠪᠡ᠃ 2024 ᠣᠨ ᠳᠤ 1500 ᠲᠦᠮᠡᠨ ᠮᠤ᠋ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠᠷ ᠲᠥᠯᠥᠪᠯᠡᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1320 ᠲᠦᠮᠡᠨ ᠺᠢᠯᠦᠸᠠᠲ ᠰᠢᠨ᠎ᠡ ᠪᠠᠷ ᠨᠡᠮᠡᠭᠳᠡᠭᠦᠯᠤᠨ᠂ 230 ᠲᠦᠮᠡᠨ ᠮᠥ ᠡᠯᠡᠰᠦᠷᠬᠡᠭᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠪᠠᠷ ᠪᠤᠢ᠂ ᠡᠭᠦᠨ ᠳᠤ ᠬᠠᠲᠤᠨ ᠭᠤᠤᠯ ᠤᠨ ︽ᠶᠡᠭᠡ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠰᠡᠭ ᠣᠷᠣᠨ ᠳᠠᠬᠢ ᠡᠯᠡᠰᠦᠷᠬᠡᠭᠵᠢᠭᠰᠡᠨ ᠭᠠᠵᠠᠷ ᠰᠢᠷᠣᠶ  ᠶᠢ ᠵᠠᠰᠠᠬᠤ ᠲᠠᠯᠠᠪᠠᠶ ᠶᠢ 512 ᠲᠦᠮᠡᠨ ᠮᠥ ᠪᠡᠶᠡᠯᠡᠭᠦᠯᠦᠭᠰᠡᠨ ᠪᠠᠶᠢᠨ᠎ᠠ᠃    ᠬᠠᠲᠤᠨ ᠭᠤᠣᠯ ᠤᠨ ᠰᠠᠪᠠ ᠭᠠᠵᠠᠷ ᠲᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠶᠡᠭᠡ ᠪᠠᠷ ᠥᠷᠨᠢᠭᠦᠯᠵᠦ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ ᠴᠢᠬᠤᠯᠠ ᠠᠮᠢ ᠠᠬᠤᠢ ᠶᠢᠨ ᠰᠢᠰᠲ᠋ᠧᠮ ᠤᠨ ᠦᠷᠭᠦᠯᠵᠢᠯᠡᠬᠦ ᠴᠢᠨᠠᠷ᠂ ᠪᠦᠷᠢᠨ ᠪᠦᠲᠦᠨ ᠴᠢᠨᠠᠷ ᠢ ᠬᠠᠮᠠᠭᠠᠯᠠᠪᠠ᠃ ᠬᠥᠬᠡᠬᠤᠲᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠦᠨᠳᠦᠰᠦᠨ ᠪᠠᠶᠢᠴᠠᠭᠠᠯᠲᠠ ᠪᠠ ᠬᠤᠲᠠ ᠶᠢᠨ ᠱᠠᠲᠤᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠴᠠᠭᠠᠯᠲᠠ ᠦᠨᠡᠯᠡᠯᠲᠡ ᠶᠢᠨ ᠮᠡᠳᠡᠭᠦᠯᠦᠯᠲᠡ ᠶᠢ ᠪᠡᠶᠡᠯᠡᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃    ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠢ ᠵᠠᠰᠠᠬᠤ ᠡᠷᠴᠢᠮ ᠢ ᠬᠦᠴᠦᠯᠡᠨ ᠴᠢᠩᠭᠠᠷᠠᠭᠤᠯᠵᠤ᠂ ᠬᠠᠲᠤᠨ ᠭᠤᠤᠯ ᠤᠨ ᠭᠤᠤᠯ ᠤᠷᠤᠰᠬᠠᠯ ᠤᠨ ᠥᠪᠥᠷ ᠮᠣᠩᠭᠤᠯ ᠤᠨ ᠬᠡᠰᠡᠭ ᠤᠨ ᠤᠰᠤᠨ ᠤ ᠴᠢᠨᠠᠷ ᠢ ᠳᠥᠷᠪᠡᠨ ᠵᠢᠯ ᠳᠠᠷᠠᠭᠠᠯᠠᠨ ᠬᠤᠶᠠᠳᠤᠭᠠᠷ ᠲᠥᠷᠥᠯ ᠳᠤ ᠪᠠᠶᠢᠯᠭᠠᠬᠤ ᠶᠢ ᠪᠠᠲᠤᠯᠠᠪᠠ᠃ ᠬᠥᠷᠥᠰᠥ ᠰᠢᠷᠣᠶ   ᠶᠢᠨ ᠪᠣᠬᠢᠷᠲᠤᠯ ᠤᠨ ᠡᠬᠢ ᠡᠭᠦᠰᠦᠯ ᠢ ᠰᠡᠷᠭᠡᠶᠢᠯᠡᠨ ᠵᠠᠰᠠᠬᠤ ᠶᠢ ᠬᠦᠴᠦᠯᠡᠨ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠪᠣᠬᠢᠷᠲᠤᠯ ᠪᠣᠳᠠᠰ ᠲᠤ ᠠᠩᠬᠠᠷᠤᠯ ᠢᠶᠠᠨ ᠲᠥᠪᠯᠡᠷᠡᠭᠦᠯᠤᠨ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号