ᠮᠠᠨ ᠤ ᠤᠷᠤᠨ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠤ ᠪᠤᠢ
ᠨᠡᠶᠢᠲᠡᠯᠡᠭᠰᠡᠨ ᠴᠠᠭ᠄
2024/10/14
    ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠨᠢ ᠬᠠᠷᠢᠶ᠎ᠠ ᠮᠥᠩᠭᠦᠨ ᠭᠦᠢᠯᠭᠡᠭᠡᠨ ᠤ ᠦᠢᠯᠡᠰ ᠤᠨ ᠪᠠᠶᠢᠭᠤᠯᠤᠮᠵᠢ ᠶᠢ ᠢᠳᠡᠪᠬᠢᠲᠡᠶ ᠪᠠᠷ ᠵᠢᠯᠣᠭᠤᠳᠴᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠣᠨᠣᠪᠴᠢᠲᠠᠶ ᠪᠣᠯᠭᠠᠬᠤ᠂ ᠲᠤᠬᠠᠶᠢᠯᠠᠭᠰᠠᠨ ᠠᠵᠢᠯ ᠤᠨ ᠶᠠᠪᠤᠴᠡ ᠶᠢ ᠠᠦ᠋ᠲ᠋ᠣᠴᠢᠯᠠᠬᠤ᠂ ᠲᠦᠭᠰᠢᠭᠦᠷᠢ ᠶᠢᠨ ᠬᠠᠮᠢᠶᠠᠷᠤᠯᠲᠠ ᠶᠢ ᠤᠶᠤᠨᠴᠢᠯᠠᠬᠤ ᠵᠡᠷᠭᠡ ᠲᠠᠯ᠎ᠠ ᠳᠠᠬᠢ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠡᠰ ᠲᠠᠪᠬᠤᠷᠭ᠎ᠠ᠂ ᠬᠠᠮᠤᠷᠬᠤ ᠬᠡᠪᠴᠢᠶ᠎ᠡ ᠪᠠᠷ ᠦᠷᠬᠡᠨ᠂ ᠦᠷᠬᠦᠯᠵᠢᠯᠡᠬᠦ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠤ ᠪᠠᠶᠢᠨ᠎ᠡ᠃    ᠮᠠᠨ ᠤ ᠤᠷᠤᠨ ᠤ ᠮᠦᠡᠭᠬᠦᠨ ᠬᠦᠢᠯᠬᠡᠬᠡᠨ ᠤ ᠰᠢᠰᠲ᠋ᠧᠮ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠲᠦᠭᠡᠮᠡᠯ ᠬᠦᠷᠳᠡᠬᠡᠮᠵᠢᠳᠤ ᠮᠥᠩᠭᠦᠨ ᠭᠦᠢᠯᠭᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠪᠠ᠃ ︽ᠮᠥᠩᠭᠦᠨ ᠭᠦᠢᠯᠭᠡᠭᠡᠨ ᠤ ᠪᠠᠷᠢᠮᠵᠢᠶ᠎ᠠ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠠᠭᠪᠤᠷ ᠲᠠᠬᠢ ᠲᠠᠷᠢᠶᠠᠯᠠᠩ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ ᠢ ᠰᠦᠪᠡᠭᠴᠢᠯᠡᠨ ᠪᠠᠶᠢᠭᠤᠯᠵᠤ᠂ ︽ᠬᠥᠳᠡᠭᠡ ᠲᠣᠰᠬᠤᠨ ᠤ ᠲᠦᠬᠡᠮᠡᠯ ᠬᠦᠷᠳᠡᠬᠡᠮᠵᠢᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ ᠤᠨ ᠲᠣᠭᠠᠴᠠᠭ᠎ᠠ ᠬᠢᠬᠦ ᠦᠢᠯᠡᠴᠢᠯᠡᠭᠡᠨ ᠤ ᠴᠡᠭ ᠤᠨ ᠮᠡᠷᠭᠡᠵᠢᠯ ᠤᠨ ᠵᠢᠷᠤᠮᠵᠢᠯ︾᠎ ᠢ ᠦᠨᠳᠦᠰᠦᠯᠡᠨ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠪᠠᠷᠢᠮᠵᠢᠶ᠎ᠠ ᠶᠢᠨ ᠮᠡᠷᠭᠡᠵᠢᠯ᠂ ᠬᠠᠮᠢᠶᠠᠷᠤᠯᠲᠠ᠂ ᠦᠢᠯᠡᠴᠢᠯᠡᠭᠡ ᠵᠢᠴᠢ ᠵᠠᠭᠪᠤᠷ ᠤᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠲᠦᠬᠡᠮᠡᠯ ᠬᠦᠷᠳᠡᠬᠡᠮᠵᠢᠳᠤ ᠮᠥᠩᠭᠦᠨ ᠭᠦᠢᠯᠭᠡᠭᠡᠨ ᠤ ᠤᠶᠢᠯᠡᠳᠬᠦᠨ ᠪᠠ ᠦᠢᠯᠡᠴᠢᠯᠡᠭᠡ ᠶᠢ ᠵᠢᠷᠤᠮᠵᠢᠭᠤᠯᠤᠨ ᠰᠢᠯᠢᠳᠡᠭᠵᠢᠬᠦᠯᠪᠡ᠃    ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠭᠤᠤᠯ ᠬᠦᠴᠦᠨ ᠢ ᠪᠤᠶᠢᠵᠢᠭᠤᠯᠵᠤ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠳᠡᠷᠡᠬᠦᠯᠪᠡ᠃ ᠣᠳᠣᠬᠠᠨ ᠳᠤ ᠪᠥᠬᠦ ᠣᠷᠣᠨ ᠤ 12 ᠠᠶᠢᠮᠠᠭ ᠬᠤᠲᠠ ᠶᠢᠨ 72 ᠬᠤᠰᠢᠭᠤ ᠰᠢᠶᠠᠨ ᠳᠤ ᠬᠠᠷᠢᠶᠠᠯᠠᠭᠳᠠᠬᠤ 554 ᠰᠤᠮᠤ ᠰᠢᠶᠠᠩ ᠪᠠᠯᠭᠠᠰᠤ ᠨᠡᠶᠢᠲᠡ 6000 ᠭᠠᠷᠤᠶ ︽ᠮᠥᠩᠭᠦᠨ ᠭᠦᠢᠯᠭᠡᠭᠡᠨ ᠤ ᠲᠤᠰᠬᠤᠨ ᠤ ᠳᠡᠳ᠋ ᠳᠠᠷᠤᠭ᠎ᠠ︾᠎ ᠶᠢ ᠤᠷᠢᠨ ᠬᠡᠷᠡᠭᠯᠡᠵᠦ᠂ ᠪᠠᠩᠬᠢ᠂ ᠳᠠᠭᠠᠳᠬᠠᠯ ᠤᠨ ᠪᠠᠶᠢᠭᠤᠯᠤᠮᠵᠢ ᠶᠢ ᠬᠠᠮᠵᠢᠨ 6 ᠲᠦᠮᠡ ᠰᠢᠬᠠᠮ ᠮᠠᠯᠵᠢᠬᠤ ᠲᠠᠷᠢᠶᠠᠯᠠᠬᠤ ᠡᠷᠦᠬᠡ ᠳᠤ 89.85 ᠳ᠋ᠦᠩᠰᠢᠭᠤᠷ ᠲᠥᠭᠦᠷᠢᠭ ᠤᠨ ᠵᠢᠬᠡᠯᠡᠯᠬᠡ ᠤᠯᠭᠤᠪᠠ᠃    ᠲᠣᠭᠠᠴᠢᠯᠠᠭᠰᠠᠨ ᠮᠡᠷᠭᠡᠵᠢᠯ ᠪᠤᠯᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠵᠠᠮ ᠤᠨ ᠠᠭᠤᠰᠤᠯᠴᠠᠨ ᠬᠥᠭᠵᠢᠬᠦ ᠶᠢ ᠲᠦᠷᠬᠡᠳᠬᠡᠪᠡ᠃ ᠣᠷᠳᠣᠰ ᠪᠠᠩᠬᠢ ᠮᠠᠯᠵᠢᠬᠤ ᠲᠠᠷᠢᠶᠠᠯᠠᠬᠤ ᠣᠷᠣᠨ ᠤ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠵᠠᠮ ᠢ ᠰᠢᠯᠢᠳᠡᠭᠵᠢᠭᠦᠯᠬᠦ ᠪᠠ ᠲᠠᠰ ᠳᠡᠪᠰᠢᠭᠦᠯᠬᠦ ᠪᠠᠷ ᠳᠠᠮᠵᠢᠭᠤᠯᠤᠨ᠂ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠨᠠᠷᠢᠯᠢᠭ ᠣᠨᠣᠴᠠᠲᠠᠶ ᠪᠠᠷ ᠬᠦᠷᠦᠯᠴᠡᠬᠦ ᠶᠢ ᠠᠬᠢᠭᠤᠯᠵᠤ᠂ ᠰᠦᠯᠵᠢᠶ᠎ᠡ ᠶᠢᠨ ᠠᠮᠤᠷ ᠲᠦᠪᠰᠢᠨ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠮᠡᠷᠭᠡᠵᠢᠯ ᠢ ᠬᠡᠷᠡᠭᠯᠡᠨ᠂ ︽ᠲᠦᠭᠡᠮᠡᠯ ᠬᠦᠷᠳᠡᠬᠡᠮᠵᠢᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ︾᠎ ᠢ ᠥᠷᠭᠡᠨ ᠳᠡᠯᠭᠡᠷ ᠪᠠᠶᠢᠭᠤᠯᠵᠤ᠂ ᠨᠠᠰᠤᠳᠠᠶᠢᠴᠤᠳ ᠲᠤ ᠳᠣᠭᠢᠷᠠᠬᠤ ᠣᠨᠴᠠᠯᠢᠭᠲᠤ ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠬᠦᠯᠪᠡ᠃ ᠪᠤᠭᠤᠲᠤ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ᠬᠥᠮᠦᠨ ᠤ ᠵᠢᠰᠦ ᠪᠠᠷ ᠢᠯᠭᠠᠨ ᠲᠠᠨᠢᠬᠤ ᠵᠡᠷᠭᠡ ᠮᠡᠷᠭᠡᠵᠢᠯ ᠢ ᠬᠡᠷᠡᠭᠯᠡᠨ ︽ᠨᠢᠭᠡ ᠥᠷᠲᠡᠬᠡᠨ ᠎ ᠳᠤ ᠤᠶᠢᠯᠡᠴᠢᠯᠡᠬᠦ︾ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠷᠥᠯ ᠵᠦᠢᠯ ᠢ ᠴᠣᠭᠴᠠᠯᠠᠵᠤ᠂ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠲᠤᠰᠬᠤᠨ ᠠᠴᠠ ᠪᠠᠨ ᠭᠠᠷᠬᠤ ᠦᠬᠡᠢ ᠪᠠᠷ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠵᠢᠴᠢ ᠠᠷᠠᠳ ᠤᠨ ᠠᠮᠢᠳᠤᠷᠠᠯ ᠤᠨ ᠰᠦᠢᠳᠭᠡᠯ ᠲᠤᠰᠢᠶᠠᠬᠤ᠂ ᠨᠡᠶᠢᠭᠡᠮ ᠤᠨ ᠪᠠᠲᠤᠯᠠᠭ᠎ᠠ ᠵᠡᠷᠭᠡ ᠮᠥᠩᠭᠦᠨ ᠭᠦᠢᠯᠭᠡᠭᠡᠨ ᠤ ᠪᠤᠰᠤ ᠦᠢᠯᠡᠴᠢᠯᠡᠭᠡ ᠶᠢ ᠬᠦᠢᠴᠡᠳᠬᠡᠬᠦ ᠪᠤᠯᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号