ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/14
    10 ᠰᠠᠷ᠎ᠠ ᠶᠢᠨ 11 ᠤ ᠡᠳᠦᠷ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠤᠯᠤᠰ ᠤᠨ ᠶᠡᠷᠦᠩᠬᠡᠢ ᠴᠤᠭᠴᠠ ᠶᠢᠨ ᠠᠮᠤᠷ ᠲᠦᠪᠰᠢᠨ ᠤ ᠦᠵᠡᠯᠲᠡ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠳ᠋ᠦᠩᠨᠡᠯᠲᠡ ᠶᠢᠨ ᠶᠠᠷᠢᠶ᠎ᠠ ᠲᠠᠯᠪᠢᠪᠠ᠃    ᠰᠦᠨ ᠱᠤᠤ ᠴᠧᠩ ᠶᠠᠷᠢᠶᠠᠨ ᠳᠠᠭᠠᠨ ᠥᠩᠭᠡᠷᠡᠭᠰᠡᠨ ᠲᠠᠪᠤᠨ ᠵᠢᠯ ᠤᠨ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠤᠯᠠᠨ ᠠᠷᠠᠳ ᠤᠨ ᠴᠠᠭᠳᠠᠭ᠎ᠠ ᠳᠤ ᠡᠷᠬᠢᠮ ᠳᠡᠭᠡᠳᠦ ᠬᠦᠨᠳᠦᠳᠭᠡᠯ ᠳᠡᠪᠰᠢᠭᠦᠯᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠳᠣᠲᠣᠭᠠᠳᠤ ᠶᠢ ᠬᠠᠮᠠᠭᠠᠯᠠᠬᠤ ᠠᠵᠢᠯ ᠤᠨ ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ ᠬᠢᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠂ ᠪᠢᠳᠡ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ ᠨᠠᠶᠢᠳᠠᠪᠤᠷᠢᠵᠢᠭᠤᠯᠬᠤ ᠬᠡᠷᠡᠭᠲᠡᠢ᠃ ᠣᠳᠣᠬᠠᠨ ᠳᠤ᠂ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠨᠢᠭᠡ ᠭᠤᠣᠯ ᠰᠢᠵᠢᠮ ᠢ ᠳᠣᠣᠱᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠵᠤ ᠪᠤᠢ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠥᠬᠡᠶ ᠤᠳᠤᠷᠢᠳᠤᠯᠭ᠎ᠠ ᠶᠢ ᠪᠠᠷᠢᠮᠲᠠᠯᠠᠵᠤ᠂ ︽ᠬᠤᠶᠠᠷ ᠢ ᠲᠤᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠳᠡᠭᠡᠳᠦ ᠬᠡᠮᠵᠢᠶᠡᠨ ᠤ ᠤᠬᠠᠮᠰᠠᠷ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠢ ᠪᠥᠬᠦ ᠤᠯᠤᠰ ᠪᠣᠯᠤᠨ ᠪᠥᠬᠦ ᠣᠷᠣᠨ ᠤ ᠶᠡᠭᠡ ᠲᠠᠯ᠎ᠠ ᠳᠤ ᠲᠠᠯᠪᠢᠵᠤ ᠤᠬᠠᠭᠠᠯᠠᠨ ᠲᠥᠯᠥᠪᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠥᠬᠦ ᠲᠠᠯ᠎ᠠ ᠪᠠᠷ ᠳᠣᠣᠱᠯᠠᠭᠤᠯᠵᠦ᠂ ᠤᠯᠤᠰ ᠲᠥᠷᠥ ᠪᠠᠷ ᠴᠠᠭᠳᠠᠭ᠎ᠠ ᠪᠠᠨ ᠪᠠᠶᠢᠭᠤᠯᠬᠤ᠂ ᠥᠭᠡᠷᠡᠴᠢᠯᠡᠯᠲᠡ ᠪᠠᠷ ᠴᠠᠭᠳᠠᠭ᠎ᠠ ᠪᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠪᠠᠨ ᠮᠠᠨᠳᠤᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ᠂ ᠴᠠᠭᠳᠠᠭ᠎ᠠ ᠶᠢ ᠰᠠᠶᠢᠳᠤᠷ ᠬᠠᠷᠠᠭᠠᠯᠵᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠳᠤ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ ᠦᠭᠬᠦ ᠬᠡᠷᠡᠭᠲᠡᠶ ᠭᠡᠵᠡᠢ᠃    ᠰᠦᠨ ᠱᠤᠤ ᠴᠧᠩ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠨ ᠬᠠᠮᠠᠭᠠᠯᠠᠬᠤ ᠬᠡᠷᠡᠭᠲᠡᠢ᠃ ᠤᠯᠤᠰ ᠲᠥᠷᠥ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠡᠯ᠎ᠡ ᠵᠦᠢᠯ ᠤᠨ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠬᠢᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦ ᠬᠡᠷᠡᠭᠳᠡᠢ᠃ ᠡᠬᠢ ᠡᠭᠦᠰᠦᠯ ᠠᠴᠠ ᠨᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠰᠢᠢᠳᠪᠦᠷᠢᠯᠡᠬᠦ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠳᠡᠢ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠬᠢᠬᠠᠨ ᠮᠡᠬᠡᠯᠡᠬᠦ ᠶᠢ ᠡᠰᠡᠷᠭᠦᠴᠡᠬᠦ ᠠᠵᠢᠯ ᠢ ᠪᠣᠳᠠᠲᠠᠶ ᠨᠠᠷᠢᠯᠢᠭ ᠬᠢᠵᠦ᠂ ︽ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ︾ ᠪᠠᠷ ᠳᠠᠮᠵᠢᠨ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠪᠠ ᠡᠪᠳᠡᠬᠦ᠂ ᠣᠶ ᠰᠢᠭᠤᠶ ᠶᠢ ᠡᠪᠳᠡᠨ ᠠᠲᠠᠷ ᠬᠠᠭᠠᠯᠪᠤᠷᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠵᠦ᠂ ᠴᠢᠨᠠᠷ ᠰᠠᠶᠢᠲᠠᠶ ᠬᠥᠭᠵᠢᠯᠲᠡ ᠶᠢ ᠪᠠᠳᠤᠯᠠᠬᠤ ᠳᠤ ᠨᠠᠩ ᠰᠠᠶᠢᠲᠤᠷ ᠦᠢᠯᠡᠴᠢᠯᠡᠬᠦ ᠬᠡᠷᠡᠭᠳᠡᠢ ᠭᠡᠪᠡ᠃    ᠰᠦᠨ ᠱᠤᠤ ᠴᠧᠩ᠂ ᠲᠥᠪ ᠭᠤᠣᠯᠴᠢ ᠰᠢᠳᠤᠷᠭᠤ ᠶᠣᠰᠣ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠮᠢᠨ ᠰᠤᠳᠠᠰᠤ ᠮᠥᠨ᠂ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠪᠣᠳᠠᠲᠠᠢ ᠪᠦᠬᠡᠳ ᠭᠦᠨᠵᠡᠭᠡᠢ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠪᠠᠷ ᠵᠠᠰᠠᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠠᠶᠢᠭᠤᠯᠭ᠎ᠠ ᠶᠢᠨ ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠴᠠ ᠭᠠᠷᠳᠠᠵᠤ᠂ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ ᠶᠢ ᠶᠡᠭᠡ ᠪᠠᠷ ᠠᠬᠢᠭᠤᠯᠵᠤ᠂ ᠤᠯᠠᠨ ᠲᠦᠮᠡᠨ ᠳᠤ ︽ᠵᠢᠵᠢᠭ ᠬᠡᠷᠴᠢᠶᠡᠬᠡᠰᠤ︾ ᠠᠴᠠ ︽ᠶᠡᠭᠡ ᠬᠤᠪᠢᠷᠠᠯᠲᠠ︾ ᠶᠢ ᠮᠡᠳᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠣᠶᠤᠨᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠲᠦᠪᠰᠢᠨ ᠢ ᠲᠦᠷᠭᠡᠨ ᠳᠡᠭᠡᠭᠰᠢᠯᠡᠭᠦᠯᠬᠦ ᠬᠡᠷᠡᠭᠳᠡᠢ᠃ ᠬᠠᠶᠢᠷᠠᠯᠠᠵᠤ ᠬᠠᠯᠠᠮᠵᠢᠯᠠᠬᠤ ᠪᠠ ᠴᠢᠩᠭ᠎ᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠷᠬᠡ ᠠᠰᠢᠭ ᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠺᠠᠳ᠋ᠷ ᠴᠠᠭᠳᠠᠭ᠎ᠠ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠᠷ ᠪᠠᠷᠠᠬᠤ ᠦᠭᠡᠢ ᠪᠠᠰᠠ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠯᠭᠠᠷᠠᠭᠰᠠᠨ ᠳᠣᠲᠣᠭᠠᠳᠤ ᠶᠢ ᠬᠠᠮᠠᠭᠠᠯᠠᠬᠤ ᠪᠦᠬᠦᠨ ᠢ ᠢᠯᠠᠭᠴᠢ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠪᠡ᠃    ᠰᠦᠨ ᠱᠤᠤ ᠴᠧᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠣᠲᠣᠭᠠᠳᠤ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭᠳᠠᠭ᠎ᠠ ᠳᠤ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ ᠠᠰᠠᠭᠤᠳᠠᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠠᠵᠢᠯ ᠢ ᠪᠠᠳᠤᠯᠠᠬᠤ ᠶᠢ ᠪᠥᠬᠦ ᠬᠦᠴᠦᠨ ᠢᠶᠠᠷ ᠢᠶᠠᠨ ᠵᠢᠯᠣᠭᠤᠳᠤᠨ ᠳᠡᠮᠵᠢᠵᠦ᠂ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠠᠵᠢᠯ ᠢᠶᠠᠨ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠪᠡ᠃    ᠵᠧᠩ ᠭᠤᠸᠠᠩ ᠵᠣᠣ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠦᠨᠳᠦᠰᠦᠨ ᠠᠭᠤᠯᠤᠭᠳᠠᠬᠤᠨ ᠢ ᠭᠦᠨᠵᠡᠭᠡᠶ ᠡᠵᠡᠮᠰᠢᠵᠦ᠂ ︽ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ︾ ᠪᠣᠯᠤᠨ ︽ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠭᠦᠨᠵᠡᠭᠡᠶ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠵᠢᠴᠢ ᠡᠭᠦᠷᠭᠡ ᠶᠢᠨ ᠬᠤᠪᠢᠶᠠᠷᠢᠯᠠᠯ︾ ᠤᠨ ᠲᠣᠭᠤᠷᠢᠨ ᠳᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠦᠬᠦ ᠤᠯᠤᠰ᠂ ᠪᠦᠬᠦ ᠤᠷᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠲᠦᠷᠭᠡᠨ ᠪᠤᠢ ᠪᠣᠯᠭᠠᠵᠤ ᠬᠥᠭᠵᠢᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃    ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠲᠠᠯᠠᠪᠠᠢ ᠲᠤᠬᠢᠷᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号