ᠮᠠᠨ ᠤ ᠤᠷᠤᠨ ᠤ ᠠᠵᠤ ᠦᠢᠯᠡᠳᠪᠤᠷᠢ ᠶᠢᠨ ᠠᠵᠤ ᠠᠬᠤᠢ ᠶᠢᠨ ᠬᠦᠭᠵᠢᠯᠳᠡ ᠳᠤ ︽ᠭᠤᠷᠪᠠᠨ ᠳᠠᠪᠠᠭᠰᠠᠨ︾ ︽ᠭᠤᠷᠪᠠᠨ ᠡᠷᠴᠢᠮᠳᠠᠢ︾ ᠪᠠᠶᠢᠳᠠᠯ ᠢᠯᠡᠷᠡᠪᠡ
ᠨᠡᠶᠢᠲᠡᠯᠡᠭᠰᠡᠨ ᠴᠠᠭ᠄
2024/10/16
    ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ ᠲᠦᠷᠦᠭᠦᠦ 8 ᠰᠠᠷ᠎ᠠ ᠳᠤ ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 7.6%᠎ ᠪᠠᠷ ᠨᠡᠮᠡᠭᠳᠡᠨ᠂ ᠡᠨᠡ ᠵᠢᠯ 7%᠎ ᠪᠠᠷ ᠨᠡᠮᠡᠭᠳᠡᠭᠦᠯᠬᠦ ᠵᠢᠱᠢᠯᠳᠠ ᠶᠢ ᠳᠠᠪᠠᠵᠤ᠂ ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ 3972 ᠪᠤᠯᠵᠤ᠂ ᠡᠨᠡ ᠵᠢᠯ 4000᠎ ᠳᠤ ᠬᠦᠷᠭᠡᠬᠦ ᠬᠠᠷᠠᠯᠳᠠ ᠳᠠᠭᠠᠨ ᠤᠶᠢᠷᠠᠳᠴᠤ᠂ ᠪᠦᠬᠦ ᠤᠷᠤᠨ ᠤ ᠠᠵᠤ ᠦᠢᠯᠡᠳᠪᠤᠷᠢ ᠳᠠᠬᠢ ᠪᠡᠯᠡ ᠤᠷᠤᠭᠤᠯᠤᠯᠳᠠ 11.8%᠎ ᠪᠠᠷ ᠨᠡᠮᠡᠭᠳᠡᠨ᠂ ᠵᠢᠯ ᠤᠨ ᠲᠦᠯᠦᠪᠯᠡᠭᠡ ᠶᠢᠨ ᠢᠶᠠᠨ 67.2%᠎ ᠢ ᠪᠡᠶᠡᠯᠡᠭᠦᠯᠵᠤ᠂ ᠠᠵᠤ ᠦᠢᠯᠡᠳᠪᠤᠷᠢ ᠶᠢᠨ ᠠᠵᠤ ᠠᠬᠤᠢ ᠶᠢᠨ ᠬᠦᠭᠵᠢᠯᠳᠡ ᠳᠤ ︽ᠭᠤᠷᠪᠠᠨ ᠳᠠᠪᠠᠭᠰᠠᠨ︾ ᠂ ︽ᠭᠤᠷᠪᠠᠨ ᠡᠷᠴᠢᠮᠳᠠᠢ︾ ᠪᠠᠶᠢᠳᠠᠯ ᠢᠯᠡᠷᠡᠪᠡ᠃    ︽ᠭᠤᠷᠪᠠᠨ ᠳᠠᠪᠠᠭᠰᠠᠨ︾ ᠭᠡᠳᠡᠭ ᠨᠢ ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.8 ᠬᠤᠪᠢ ᠳᠠᠪᠠᠵᠤ᠂ ᠪᠦᠬᠦ ᠤᠯᠤᠰ ᠤᠨ 12 ᠳ᠋ᠤᠭᠠᠷ ᠲᠤ ᠵᠢᠭᠰᠠᠨ᠂ ᠳᠡᠭᠡᠷ᠎ᠠ ᠬᠠᠭᠠᠰ ᠵᠢᠯ ᠠᠴᠠ 6 ᠤᠷᠤ ᠳᠠᠪᠰᠢᠵᠠᠢ︔ ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠤᠨ ᠬᠤᠷᠳᠤᠴᠠ ᠮᠠᠨ ᠤ ᠤᠯᠤᠰ ᠤᠨ ᠵᠡᠭᠦᠨ ᠤᠷᠤᠨ᠂ ᠳᠤᠮᠳᠠ ᠤᠷᠤᠨ᠂ ᠪᠠᠷᠠᠭᠤᠨ ᠤᠷᠤᠨ ᠪᠠ ᠵᠡᠭᠦᠨ ᠬᠤᠶᠢᠳᠤ ᠤᠷᠤᠨ ᠤ ᠳᠤᠮᠳᠠᠴᠢ ᠲᠦᠪᠰᠢᠨ ᠠᠴᠠ ᠴᠦᠮ ᠳᠠᠪᠠᠪᠠ︔ ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠤᠨ ᠬᠤᠷᠳᠤᠴᠠ ᠱᠠᠩᠬᠠᠢ᠂ ᠯᠢᠶᠤᠤᠨᠢᠩ᠂ ᠱᠠᠨ ᠰᠢ ᠵᠡᠷᠭᠡ ᠮᠤᠵᠢ ᠬᠤᠳᠠ ᠠᠴᠠ ᠳᠠᠪᠠᠵᠤ᠂ ᠵᠤᠷᠢᠭᠰᠠᠨ ᠬᠠᠷᠠᠯᠳᠠ ᠳᠠᠭᠠᠨ ᠬᠦᠷᠴᠠᠢ᠃ ︽ᠭᠤᠷᠪᠠᠨ ᠡᠷᠴᠢᠮᠳᠠᠢ︾ ᠭᠡᠳᠡᠭ ᠨᠢ ᠭᠤᠤᠯᠳᠠᠯᠭ᠎ᠠ ᠲᠠᠢ ᠠᠶᠢᠮᠠᠭ ᠬᠤᠳᠠ ᠶᠢᠨ ᠲᠤᠯᠭᠠᠭᠤᠷᠢᠯᠠᠯ ᠡᠷᠴᠢᠮᠳᠠᠢ ᠪᠠᠶᠢᠵᠤ᠂ 7 ᠠᠶᠢᠮᠠᠭ ᠬᠤᠳᠠ ᠶᠢᠨ ᠠᠵᠤ ᠦᠢᠯᠡᠳᠪᠤᠷᠢ ᠶᠢᠨ ᠨᠡᠮᠡᠭᠳᠡᠯ ᠤᠨ ᠬᠤᠷᠳᠤᠴᠠ ᠪᠦᠬᠦ ᠤᠷᠤᠨ ᠤ ᠳᠤᠮᠳᠠᠴᠢ ᠲᠦᠪᠰᠢᠨ ᠠᠴᠠ ᠳᠠᠪᠠᠵᠤ᠂ ᠬᠦᠬᠡᠬᠤᠳᠠ ᠪᠤᠭᠤᠳᠤ ᠤᠷᠳᠤᠰ ᠵᠡᠷᠭᠡ ᠭᠤᠷᠪᠠᠨ ᠬᠤᠳᠠ ᠶᠢᠨ ᠠᠵᠤ ᠦᠢᠯᠡᠳᠪᠤᠷᠢ ᠲᠤᠰ ᠲᠤᠰ 10%᠂ 14.7% ᠪᠠ 7%᠎ ᠪᠠᠷ ᠨᠡᠮᠡᠭᠳᠡᠪᠡ︔ ᠡᠨᠧᠷᠬᠢ ᠪᠠ ᠦᠢᠯᠡᠳᠬᠦ ᠦᠢᠯᠡᠰ ᠵᠡᠷᠭᠡ ᠬᠤᠶᠠᠷ ᠶᠡᠭᠡ ᠠᠵᠤ ᠦᠢᠯᠡᠳᠪᠤᠷᠢ ᠶᠢᠨ ᠳᠠᠶᠢᠴᠢᠯᠠᠬᠤ ᠦᠢᠯᠡᠳᠦᠯ ᠡᠷᠴᠢᠮᠳᠠᠢ ᠪᠠᠶᠢᠵᠤ᠂ ᠡᠨᠧᠷᠬᠢ ᠶᠢᠨ ᠠᠵᠤ ᠦᠢᠯᠡᠳᠪᠤᠷᠢ 6%᠎ ᠪᠠᠷ ᠨᠡᠮᠡᠭᠳᠡᠵᠦ᠂ ᠦᠢᠯᠡᠳᠬᠦ ᠦᠢᠯᠡᠰ 9.9%᠎ ᠪᠠᠷ ᠨᠡᠮᠡᠭᠳᠡᠨ᠂ ᠦᠷᠭᠦᠯᠵᠢᠯᠡᠨ ᠪᠦᠬᠦ ᠤᠷᠤᠨ ᠤ ᠠᠵᠤ ᠦᠢᠯᠡᠳᠪᠤᠷᠢ ᠶᠢᠨ ᠨᠡᠮᠡᠭᠳᠡᠯ ᠤᠨ ᠭᠤᠤᠯ ᠲᠤᠯᠭᠠᠭᠤᠷᠢᠯᠠᠯ ᠪᠤᠯᠪᠠ︔ ᠠᠵᠤ ᠦᠢᠯᠡᠳᠪᠤᠷᠢ ᠶᠢᠨ ᠭᠤᠤᠯ ᠪᠤᠯᠬᠤ ᠦᠢᠯᠡᠳᠭᠦᠨ ᠤ ᠭᠠᠷᠤᠯᠳᠠ ᠡᠷᠴᠢᠮᠳᠠᠢ ᠪᠠᠶᠢᠵᠤ᠂ ᠲᠦᠷᠦᠭᠦᠦ 8 ᠰᠠᠷ᠎ᠠ ᠳᠤ ᠪᠦᠬᠦ ᠤᠷᠤᠨ ᠤ ᠤᠯᠠᠨ ᠳᠠᠯᠠᠰᠳᠤ ᠴᠠᠬᠢᠭᠤᠷ᠂ ᠭᠠᠭᠴᠠ ᠳᠠᠯᠠᠰᠳᠤ ᠴᠠᠬᠢᠭᠤᠷ ᠤᠨ ᠭᠠᠷᠤᠯᠳᠠ ᠲᠤᠰ ᠲᠤᠰ 128.2% ᠪᠠ 58.8%᠎ ᠪᠠᠷ ᠨᠡᠮᠡᠭᠳᠡᠵᠦ᠂ ᠰᠤᠷᠢᠨᠵᠢᠨ ᠮᠠᠲ᠋ᠧᠷᠢᠶᠠᠯ ᠤᠨ ᠭᠠᠷᠤᠯᠳᠠ 58.4%᠎ ᠪᠠᠷ ᠨᠡᠮᠡᠭᠳᠡᠨ᠂ ᠲᠡᠮᠦᠷ ᠤᠨ ᠬᠠᠶᠢᠯᠤᠰᠢ ᠶᠢᠨ ᠭᠠᠷᠤᠯᠳᠠ 15.9%᠎ ᠪᠠᠷ ᠨᠡᠮᠡᠭᠳᠡᠵᠦ᠂ ᠠᠷᠪᠠᠨ ᠵᠦᠢᠯ ᠤᠨ ᠦᠩᠭᠡᠳᠦ ᠲᠡᠮᠦᠷᠯᠢᠭ ᠤᠨ ᠭᠠᠷᠤᠯᠳᠠ 7.1%᠎ ᠪᠠᠷ ᠨᠡᠮᠡᠭᠳᠡᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号