ᠮᠠᠨ ᠤ ᠤᠷᠤᠨ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠬᠥᠭᠵᠢᠯᠲᠡ ᠶᠢ ᠲᠦᠷᠭᠡᠳᠭᠡᠵᠤ ᠪᠠᠶᠢᠨ᠎ᠠ
ᠨᠡᠶᠢᠲᠡᠯᠡᠭᠰᠡᠨ ᠴᠠᠭ᠄
2024/10/16
    ᠡᠨᠡ ᠵᠢᠯ ᠤᠨ 6 ᠰᠠᠷ᠎ᠠ ᠳᠤ᠂ ᠪᠥᠬᠦ ᠤᠯᠤᠰ ᠲᠤ ᠬᠡᠪᠴᠢᠶ᠎ᠡ ᠪᠠᠷ ᠬᠠᠮᠤᠭ ᠤᠨ ᠶᠡᠭᠡ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠤᠰᠤᠳᠦ᠋ᠷᠦᠭᠴᠢ ᠡᠨᠧᠷᠬᠢ ᠨᠦᠭᠡᠴᠡ ᠡᠨᠧᠷᠬᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠪᠤᠯᠬᠤ ᠭᠤᠷᠪᠠᠨ ᠬᠠᠪᠴᠢᠯ ᠤᠨ ᠰᠢᠨ᠎ᠡ ᠡᠨᠧᠷᠭᠢ ᠶᠢᠨ ᠳᠥᠷᠪᠡᠳ ᠬᠤᠰᠢᠭᠤᠨ ᠤ ᠺᠣᠮᠫᠠᠨᠢ ᠶᠢᠨ 55 ᠲᠦᠮᠡᠨ ᠺᠢᠯᠦᠸᠠᠲ /110 ᠲᠦᠮᠡᠨ ᠺᠢᠯᠤᠸᠠᠲ ᠴᠠᠭ ᠤᠨ ᠯᠢᠲ᠋ᠢ ᠢᠶᠣᠨ ᠤ ᠴᠡᠨᠡᠭ ᠤᠨ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠨᠢ ᠲᠤᠤᠷ ᠲᠤ ᠨᠡᠶᠢᠯᠡᠨ ᠠᠰᠢᠬᠯᠠᠯᠳᠠ ᠳᠤ ᠤᠷᠤᠵᠠᠢ᠃ ᠲᠤᠰ ᠲᠦᠷᠦᠯ ᠵᠦᠢᠯ ᠪᠤᠯ ᠭᠤᠷᠪᠠᠨ ᠬᠠᠪᠴᠢᠯ ᠤᠨ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠲᠤᠤᠷ ᠤᠨ ᠨᠦᠬᠦᠷᠰᠡᠭ ᠪᠣᠬᠢᠷᠲᠤᠯ ᠥᠬᠡᠶ ᠴᠠᠬᠢᠯᠭᠠᠨ ᠥᠷᠲᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠢᠵᠢ ᠪᠦᠷᠢᠳᠦᠭᠦᠯᠬᠦ ᠡᠨᠧᠷᠭᠢ ᠨᠥᠭᠡᠴᠡᠯᠡᠬᠦ ᠲᠥᠷᠥᠯ ᠵᠦᠢᠯ᠂ ᠤᠯᠤᠰ ᠤᠨ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠶᠤᠮ᠃    ᠣᠳᠣᠬᠠᠨ ᠳᠤ ᠲᠣᠰ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠬᠡᠪ ᠤᠨ ᠪᠠᠶᠢᠳᠠᠯ ᠢᠶᠠᠷ ᠠᠵᠢᠯᠯᠠᠵᠤ᠂ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠴᠠᠬᠢᠯᠭᠠᠨ ᠬᠡᠷᠡᠭᠯᠡᠬᠦ ᠣᠷᠭᠢᠯ ᠤᠨ ᠦᠶ᠎ᠡ ᠳᠤ ᠬᠠᠩᠭᠠᠯᠭ᠎ᠠ ᠶᠢ ᠪᠠᠲᠤᠯᠠᠬᠤ ᠵᠡᠷᠭᠡ ᠡᠯ᠎ᠡ ᠵᠦᠢᠯ ᠤᠨ ᠴᠠᠬᠢᠯᠭᠠᠨ ᠲᠤᠤᠷ ᠤᠨ ᠨᠥᠬᠦᠷᠰᠡᠭ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠬᠢᠭᠡᠳ ᠴᠠᠬᠢᠯᠭᠠᠨ ᠲᠤᠤᠷ ᠤᠨ ᠬᠠᠮᠵᠢᠯᠴᠠᠨ ᠠᠵᠢᠯᠯᠠᠬᠤ ᠴᠢᠳᠠᠪᠤᠷᠢ ᠶᠢ ᠴᠢᠩᠭᠠᠷᠠᠭᠤᠯᠵᠤ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠦᠵᠡᠭᠦᠯᠦᠨ᠎ᠡ᠃    ᠤᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠲᠣᠪᠤᠶᠢᠮ᠎ᠠ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠥᠨᠳᠥᠷ ᠭᠠᠷᠤᠭ᠎ᠠ᠂ ᠥᠨᠳᠥᠷ ᠱᠠᠭᠠᠷᠳᠠᠯᠭ᠎ᠠ ᠪᠠᠷ ᠨᠥᠭᠡᠴᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠵᠦ᠂ ᠣᠯᠠᠨ ᠡᠰᠢᠲᠦ ᠮᠡᠷᠭᠡᠵᠢᠯ ᠤᠨ ᠱᠤᠭᠤᠮ ᠤᠨ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠬᠦ ᠶᠢ ᠵᠣᠷᠢᠭᠵᠢᠭᠤᠯᠤᠨ᠂ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ ᠥᠷᠭᠡᠳᠭᠡᠵᠦ᠂ ᠡᠨᠧᠷᠬᠢ ᠲᠤᠤᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠰᠠᠯᠬᠢᠨ ᠡᠨᠧᠷᠬᠢ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠵᠡᠷᠭᠡ ᠬᠡᠷᠡᠭᠯᠡᠭᠴᠢᠳ ᠤᠨ ᠲᠠᠯ᠎ᠠ ᠶᠢᠨ ᠨᠥᠭᠡᠴᠡ ᠡᠨᠧᠷᠭᠢ ᠶᠢᠨ ᠬᠥᠭᠵᠢᠯᠲᠡ ᠶᠢᠨ ᠵᠠᠭᠪᠤᠷ ᠢ ᠪᠦᠲᠦᠭᠡᠯᠴᠢ ᠴᠢᠨᠠᠷᠲᠠᠶ ᠪᠠᠷ ᠳᠤᠷᠠᠳᠴᠤ᠂ ᠨᠥᠭᠡᠴᠡ ᠡᠨᠧᠷᠭᠢ ᠶᠢᠨ ᠬᠡᠪᠴᠢᠶ᠎ᠡ ᠶᠢᠨ ᠲᠠᠪᠠᠯᠳᠠᠳᠤ ᠮᠠᠶ᠋ᠢᠭ ᠤᠨ ᠨᠡᠮᠡᠭᠳᠡᠯ ᠢ ᠲᠦᠷᠭᠡᠳᠭᠡᠨ ᠠᠬᠢᠭᠤᠯᠪᠠ᠃    ︽ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠬᠥᠭᠵᠢᠯᠲᠡ ᠶᠢ ᠲᠦᠷᠭᠡᠳᠭᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠬᠥᠭᠵᠢᠯᠲᠡ ᠶᠢᠨ ᠲᠤᠰᠬᠠᠶ ᠠᠵᠢᠯᠯᠠᠭ᠎ᠠ ᠶᠢᠨ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠴᠠᠬᠢᠯᠭᠠᠨ ᠥᠷᠲᠡᠭᠡᠨ ᠤ ᠲᠥᠷᠥᠯ ᠵᠦᠢᠯ ᠢ ᠬᠡᠷᠡᠭᠵᠢᠭᠦᠯᠬᠦ ᠨᠠᠷᠢᠨ ᠲᠦᠷᠢᠮ ︵ᠲᠦᠷ ᠬᠡᠷᠡᠭᠵᠢᠭᠦᠯᠬᠦ︶︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ 8 ᠰᠠᠷ᠎ᠠ ᠶᠢᠨ ᠳᠤᠮᠳᠠᠴᠢ ᠪᠣᠯᠲᠠᠯ᠎ᠠ᠂ ᠪᠥᠬᠦ ᠣᠷᠣᠨ ᠤ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠡᠶᠢᠲᠡ 521 ᠲᠦᠮᠡᠨ ᠺᠢᠯᠦᠸᠠᠲ ᠲᠤ ᠬᠦᠷᠴᠦ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠲᠤᠳᠤᠷᠠᠪᠠ᠃ ︽ᠥᠪᠥᠷ ᠮᠣᠩᠭᠤᠯ ᠤᠨ ᠴᠠᠬᠢᠯᠭᠠᠨ ᠤ ᠲᠤᠤᠷ ᠤᠨ ᠰᠢᠨ᠎ᠡ ᠡᠨᠧᠷᠭᠢ ᠶᠢᠨ ᠢᠵᠢ ᠪᠦᠷᠢᠳᠦᠭᠦᠯᠦᠭᠰᠡᠨ ᠨᠦᠭᠡᠴᠡ ᠡᠨᠧᠷᠬᠢ ᠶᠢᠨ ᠰᠢᠭᠤᠳ ᠳᠣᠭᠢᠷᠠᠭᠤᠯᠤᠨ ᠬᠡᠷᠡᠭᠯᠡᠬᠦ ᠬᠡᠷᠡᠭᠵᠢᠭᠦᠯᠬᠦ ᠨᠠᠷᠢᠨ ᠲᠦᠷᠢᠮ︾ ᠢ ᠨᠠᠶᠢᠷᠠᠭᠤᠯᠤᠨ ᠵᠣᠬᠢᠶᠠᠵᠤ᠂ ︽ᠨᠠᠷᠢᠯᠢᠭ ᠣᠨᠣᠪᠴᠢᠲᠠᠶ ᠪᠠᠷ ᠳᠣᠭᠢᠷᠠᠭᠤᠯᠬᠤ︾ ᠵᠠᠷᠴᠢᠮ ᠶᠣᠰᠣᠭᠠᠷ᠂ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠪᠠᠴᠢᠮ ᠦᠶ᠎ᠡ ᠳᠤ ᠤᠷᠢᠳᠴᠢᠯᠠᠨ ᠴᠠᠬᠢᠯᠭᠠᠨ ᠴᠡᠨᠡᠭᠯᠡᠵᠦ᠂ ᠲᠥᠪᠯᠡᠷᠡᠭᠦᠯᠦᠨ ᠳᠣᠭᠢᠷᠠᠭᠤᠯᠵᠤ᠂ ᠨᠦᠭᠡᠴᠡ ᠡᠨᠧᠷᠬᠢ ᠶᠢᠨ ᠴᠠᠬᠢᠯᠭᠠᠨ ᠬᠡᠷᠡᠭᠯᠡᠬᠦ ᠣᠷᠭᠢᠯ ᠦᠶ᠎ᠡ ᠶᠢᠨ ᠬᠠᠩᠭᠠᠯᠭ᠎ᠠ ᠶᠢ ᠪᠠᠲᠤᠯᠠᠬᠤ ᠦᠢᠯᠡᠳᠦᠯ ᠢ ᠪᠠᠳᠠᠷᠠᠭᠤᠯᠵᠤ ᠪᠠᠶᠢᠨ᠎ᠠ᠃    ᠣᠳᠣᠬᠠᠨ ᠳᠤ᠂ ᠨᠢᠭᠡᠨᠲᠡ ᠠᠰᠢᠭᠯᠠᠯᠲᠠ ᠳᠤ ᠤᠷᠤᠭᠰᠠᠨ ᠨᠥᠭᠡᠴᠡ ᠡᠨᠧᠷᠭᠢ ᠨᠢ 100% ᠶᠢᠨ ᠬᠡᠷᠡᠭᠯᠡᠵᠦ ᠪᠣᠯᠬᠤ ᠨᠣᠷᠮ᠎ᠠ ᠶᠢ ᠪᠠᠲᠤᠯᠠᠵᠤ᠂ ᠨᠥᠭᠡᠴᠡ ᠡᠨᠧᠷᠭᠢ ᠶᠢᠨ ᠲᠦᠷᠦᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠬᠡᠷᠡᠭᠯᠡᠬᠦ ᠦᠭᠡᠢ ᠬᠠᠶᠠᠬᠰᠠᠨ ᠪᠠᠶᠢᠳᠠᠯ ᠭᠠᠷᠤᠭᠰᠠᠨ ᠥᠬᠡᠶ᠃ ᠡᠨᠡ ᠵᠢᠯ ᠤᠨ ᠡᠮᠦᠨ᠎ᠡ 7 ᠰᠠᠷ᠎ᠠ ᠳᠤ᠂ ᠦᠪᠦᠷ ᠮᠤᠩᠭᠤᠯ ᠤᠨ ᠪᠠᠷᠠᠭᠤᠨ ᠪᠡᠶ᠎ᠡ ᠶᠢᠨ ᠴᠠᠬᠢᠯᠭᠠᠨ ᠲᠤᠤᠷ ᠤᠨ ᠨᠥᠭᠡᠴᠡ ᠡᠨᠧᠷᠭᠢ ᠠᠴᠠ ᠪᠠᠴᠢᠮ ᠪᠠᠶᠢᠳᠠᠯ ᠢ ᠠᠷᠭᠠᠴᠠᠭᠠᠬᠤ 134 ᠤᠳᠠᠭ᠎ᠠ ᠲᠥᠪᠯᠡᠷᠡᠭᠦᠯᠦᠨ ᠴᠠᠬᠢᠯᠭᠠᠨ ᠭᠠᠷᠭᠠ ᠬᠡᠷᠡᠭᠯᠡᠪᠡ᠃ ᠡᠭᠦᠨ ᠳᠤ᠂ 7 ᠰᠠᠷ᠎ᠠ ᠶᠢᠨ 5 ᠤ ᠣᠷᠣᠶ ᠶᠢᠨ ᠴᠠᠬᠢᠯᠭᠠᠨ ᠬᠡᠷᠡᠭᠯᠡᠬᠦ ᠣᠷᠭᠢᠯ ᠦᠶ᠎ᠡ ᠳᠤ᠂ ᠰᠢᠨ᠎ᠡ ᠬᠡᠯᠪᠡᠷᠢ ᠶᠢᠨ ᠨᠦᠭᠡᠴᠡ ᠡᠨᠧᠷᠬᠢ ᠶᠢᠨ ᠬᠠᠮᠤᠭ ᠤᠨ ᠶᠡᠭᠡ ᠴᠠᠬᠢᠯᠭᠠᠨ ᠭᠠᠷᠭᠠᠨ ᠠᠪᠤᠬᠰᠠᠨ ᠬᠡᠮᠵᠢᠶ᠎ᠡ 301 ᠲᠦᠮᠡᠨ ᠺᠢᠯᠦᠸᠠᠲ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠨ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠴᠠᠬᠢᠯᠭᠠᠨ ᠲᠤᠤᠷ ᠤᠨ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠵᠦᠷᠢᠴᠡᠯ ᠢ ᠪᠦᠳᠤᠮᠵᠢᠳᠠᠢ ᠨᠠᠮᠳᠠᠭᠤᠯᠤᠬᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号