ᠰᠦᠨ ᠱᠤᠤ ᠴᠧᠩ ᠸᠢᠳᠢᠣ᠋ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ — ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠡᠭᠦᠨ ᠬᠤᠶᠢᠲᠤ ᠣᠷᠣᠨ ᠳᠠᠬᠢ ᠦᠢᠯᠡᠳᠦᠯᠭᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/10/16
    10 ᠰᠠᠷ᠎ᠠ ᠶᠢᠨ 14 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠲᠠᠢ ᠬᠤᠯᠪᠣᠭ᠎ᠠ ᠠᠪᠬᠤ ᠭᠡᠯᠳᠡᠰ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ᠂ ᠬᠢᠷᠢᠨ ᠮᠤᠵᠢ ᠶᠢᠨ ᠨᠠᠮ ᠤᠨ ᠬᠤᠷᠢᠶ᠎ᠠ᠂ ᠬᠠᠷᠠᠮᠥ᠋ᠷᠡᠨ ᠮᠤᠵᠢ ᠶᠢᠨ ᠨᠠᠮ ᠤᠨ ᠬᠤᠷᠢᠶ᠎ᠠ ᠠᠴᠠ ᠬᠠᠮᠲᠤᠷᠠᠨ ᠡᠷᠬᠢᠯᠡᠭᠰᠡᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ — ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠡᠭᠦᠨ ᠬᠤᠶᠢᠲᠤ ᠣᠷᠣᠨ ᠳᠠᠬᠢ ᠦᠢᠯᠡᠳᠦᠯᠭᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠬᠢᠷᠢᠨ ᠮᠤᠵᠢ ᠶᠢᠨ ᠴᠠᠩᠴᠦ᠋ᠨ ᠬᠤᠳᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠸᠢᠳᠢᠣ᠋ ᠪᠠᠷ ᠬᠤᠯᠪᠤᠬᠳᠠᠬᠤ ᠬᠡᠯᠪᠡᠷᠢ ᠪᠠᠷ ᠪᠠᠶᠠᠷ ᠤᠨ ᠦᠭᠡ ᠬᠡᠯᠡᠭᠰᠡᠨ ᠪᠥᠭᠡᠳ ᠠᠰᠠᠭᠤᠯᠲᠠ ᠶᠢ ᠬᠠᠷᠢᠭᠤᠯᠪᠠ᠃    ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠮᠠᠰᠢ ᠬᠠᠯᠠᠮᠵᠢᠯᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠪᠡᠶ᠎ᠡ ᠪᠠᠷ ᠢᠶᠠᠨ ᠵᠢᠷᠤᠭᠯᠠᠵᠤ᠂ ᠥᠪᠥᠷ ᠮᠣᠩᠭᠤᠯ ᠳᠤ ︽ᠲᠠᠪᠤᠨ ᠶᠡᠭᠡ ᠡᠭᠦᠷᠭᠡ︾ ᠣᠯᠭᠤᠪᠠ᠃ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠳᠣᠣᠷ᠎ᠠ᠂ ᠥᠪᠥᠷ ᠮᠣᠩᠭᠤᠯ ᠤᠨ ᠬᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠳᠡᠮᠵᠢᠯᠭᠡ ᠶᠢ ᠵᠡᠷᠭᠡ ᠪᠠᠷ ᠡᠳ᠋ᠯᠡᠵᠦ᠂ ᠨᠢᠳᠤᠨᠤᠨ ᠤ 10 ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠪᠠᠰᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠡᠢ᠃ ᠡᠳᠡᠭᠡᠷ ᠨᠢ ᠴᠥᠮ ᠥᠪᠥᠷ ᠮᠣᠩᠭᠤᠯ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠬᠠᠩᠭᠠᠨ ᠦᠭᠴᠡᠢ ᠭᠡᠪᠠ᠃    ᠰᠦᠨ ᠱᠤᠤ ᠴᠧᠩ᠂ ᠤᠢᠢᠷ᠎ᠠ ᠶᠢᠨ ᠵᠢᠯ ᠤᠨ ᠲᠤᠷᠰᠢ ᠥᠪᠥᠷ ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ ᠪᠡᠶᠡᠯᠡᠭᠦᠯᠦᠨ᠂ ᠠᠮᠢ ᠠᠬᠤᠢ ᠣᠷᠴᠢᠨ ᠲᠣᠭᠤᠷᠢᠨ ᠲᠦᠢᠯ ᠤᠨ ᠶᠡᠭᠡ ᠪᠠᠷ ᠰᠠᠶᠢᠵᠢᠷᠠᠵᠤ᠂ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠴᠢᠩᠭᠠᠷᠠᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠥᠷᠨᠢᠭᠦᠨ ᠬᠥᠭᠵᠢᠵᠦ᠂ ᠭᠠᠳᠠᠭᠠᠳᠤ ᠨᠡᠭᠡᠭᠡᠯᠳᠠ ᠲᠠᠰᠤᠷᠠᠯᠳᠠ ᠦᠭᠡᠢ ᠥᠷᠭᠡᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠡᠬᠢᠯᠡᠭᠦᠯᠵᠦ ᠬᠦᠭᠵᠢᠭᠦᠯᠦᠨ᠂ ᠡᠯ᠎ᠡ ᠵᠦᠢᠯ ᠤᠨ ᠦᠢᠯᠡᠰ ᠢᠯᠡᠳᠲᠡ ᠠᠮᠵᠢᠯᠲᠠ ᠤᠯᠪᠠ᠃ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠳᠤ ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ︾ ᠭᠡᠬᠦ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ᠂ ᠣᠷᠣᠯᠭ᠎ᠠ ᠶᠢ ᠨᠡᠮᠡᠭᠳᠡᠭᠦᠯᠬᠦ ᠪᠠ ᠰᠤᠷᠭᠠᠨ ᠬᠥᠮᠦᠵᠢᠯ ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠰᠠᠶᠢᠳᠤᠷ ᠬᠢᠵᠦ᠂ ᠠᠷᠠᠳ ᠤᠨ ᠠᠮᠢᠳᠤᠷᠠᠯ ᠤᠯᠠᠮ ᠠᠴᠠ ᠤᠯᠠᠮ ᠰᠠᠶᠢᠨ ᠪᠣᠯᠵᠤ᠂ ᠵᠣᠯ ᠵᠢᠷᠭᠠᠯᠲᠤ ᠲᠦᠷᠦᠭᠳᠡᠯ ᠤᠯᠠᠮ ᠠᠴᠠ ᠤᠯᠠᠮ ᠴᠢᠩᠭᠠᠷᠠᠵᠤ᠂ ᠬᠠᠨᠤᠮᠵᠢ ᠶᠢᠨ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠦᠨᠡᠨ ᠰᠡᠳᠭᠢᠯ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠢ ᠮᠡᠳᠡᠷᠡᠵᠦ᠂ ᠶᠡᠷᠦᠩᠬᠡᠶ ᠱᠦᠵᠢ ᠰᠢ ᠶᠢᠨ ᠫᠢᠩ ᠤᠨ ᠰᠠᠶᠢᠨ ᠢ ᠮᠡᠳᠡᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠭᠢᠯ ᠳᠡᠭᠡᠨ ᠭᠦᠨ ᠬᠠᠳᠠᠩᠰᠢᠭᠤᠯᠵᠦ᠂ ᠪᠦᠭᠦᠳᠡᠭᠡᠷ ᠢᠶᠠᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠵᠡᠰᠭᠦᠯᠡᠩᠲᠦ ᠰᠠᠶᠢᠬᠠᠨ ᠤᠮᠠᠷᠠᠲᠤ ᠬᠢᠯᠢ ᠶᠢ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠪᠡ ᠭᠡᠵᠡᠢ᠃    ᠰᠦᠨ ᠱᠤᠤ ᠴᠧᠩ᠂ ᠥᠪᠥᠷ ᠮᠣᠩᠭᠤᠯ ᠤᠨ ᠨᠤᠲᠤᠭ ᠳᠡᠪᠢᠰᠭᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ᠦᠡᠭᠭᠡ ᠦᠵᠡᠮᠵᠢ ᠰᠦᠷᠯᠢᠭ ᠰᠠᠶᠢᠬᠠᠨ᠂ ᠣᠷᠣᠨ ᠪᠠᠶᠢᠷᠢ ᠳᠠᠪᠠᠭᠤᠯᠢᠭ ᠪᠠᠶᠢᠵᠤ᠂ ᠬᠥᠭᠵᠢᠯᠲᠡ ᠶᠢᠨ ᠨᠥᠬᠦᠴᠡᠯ ᠣᠨᠴᠠᠭᠠᠢ ᠰᠠᠶᠢᠨ᠂ ᠬᠥᠭᠵᠢᠯᠲᠡ ᠶᠢᠨ ᠠᠯᠤᠰ ᠢᠷᠡᠭᠡᠳᠦᠢ ᠥᠷᠭᠡᠨ ᠠᠭᠤᠳᠠᠮ ᠶᠤᠮ᠂ ᠪᠢᠳᠡ ᠳᠤᠷᠠᠲᠠᠶ᠎ᠠ ᠬᠤᠯᠪᠣᠭᠳᠠᠯ ᠪᠦᠬᠦᠢ ᠤᠯᠤᠰ ᠪᠠ ᠭᠠᠵᠠᠷ ᠤᠷᠤᠨ ᠤ ᠬᠢᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠭᠡᠵᠦ ᠬᠡᠯᠡᠪᠡ᠃ᠰᠦᠨ ᠱᠤᠤ ᠴᠧᠩ ᠪᠠᠰᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠤᠷᠰᠢᠯᠭ᠎ᠠ ᠪᠣᠯᠤᠨ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢᠨ ᠲᠤᠬᠠᠢ ᠬᠥᠲᠥᠯᠥᠭᠴᠢ ᠶᠢᠨ ᠠᠰᠠᠭᠤᠯᠲᠠ ᠶᠢ ᠬᠠᠷᠢᠭᠤᠯᠪᠠ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠠᠩ ᠶᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号