10 ᠳ᠋ᠤᠭᠠᠷ ᠰᠠᠷ᠎ᠠ ᠶᠢᠨ 14 ᠤ ᠡᠳᠦᠷ᠂ ᠠᠯᠠᠱᠠ ᠠᠶᠢᠮᠠᠭ ᠨᠢ ᠪᠡᠭᠡᠵᠢᠩ ᠤᠨ ᠬᠠᠨ ᠯᠢᠨ ᠨᠡᠶᠢᠲᠡ ᠶᠢᠨ | ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠯᠦᠭᠡ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ | ᠭᠦᠨᠵᠡᠭᠡᠶᠢᠷᠡᠭᠦᠯᠵᠦ ᠣᠷᠣᠨ ᠪᠦᠰᠡ ᠶᠢᠨ ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠬᠠᠮᠲᠤᠷᠠᠯᠴᠠᠭ᠎ᠠ ᠶᠢ ᠠᠬᠢᠭᠤᠯᠬᠤ | ᠪᠦᠳᠦᠭᠦᠪᠴᠢ ᠵᠦᠪᠯᠡᠯᠴᠡᠭᠡᠷ︾ ᠲᠣᠭᠲᠠᠪᠠ᠃ ᠲᠤᠰ ᠵᠦᠪᠯᠡᠯᠴᠡᠭᠡᠷ ᠤᠨ ᠶᠣᠰᠣᠭᠠᠷ᠂ ᠬᠤᠶᠠᠷ ᠲᠠᠯ᠎ᠠ ᠪᠠᠷ ᠢᠶᠠᠨ | ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠵᠡᠷᠭᠡ ᠨᠡᠶᠢᠰᠯᠡᠯ ᠤᠨ | ᠨᠠᠷᠠᠲᠤ ᠰᠤᠷᠭᠠᠭᠤᠯᠢ ᠶᠢᠨ ᠡᠬᠢ ᠪᠠᠶᠠᠯᠢᠭ ᠤᠳ ᠲᠤ ᠲᠦᠰᠢᠭᠯᠡᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠠᠪᠴᠠᠩ ᠢ ᠪᠠᠶᠢᠭᠤᠯᠵᠤ᠂ ᠠᠷᠪᠠᠨ ᠬᠤᠶᠠᠷ ᠵᠢᠯ ᠤᠨ ᠳᠦᠷᠢᠮᠲᠦ ᠠᠯᠪᠠᠨ ᠠᠴᠠ ᠡᠷᠭᠢᠯᠡᠭᠰᠡᠨ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ — ᠠᠯᠠᠱᠠ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠵᠤ᠂ ᠬᠠᠮᠢᠶᠠᠷᠤᠯᠲᠠ ᠬᠠᠷᠢᠯᠴᠠᠨ ᠨᠡᠪᠲᠡᠷᠡᠯᠴᠡᠬᠦ᠂ | ᠡᠬᠢ ᠪᠠᠶᠠᠯᠢᠭ ᠢᠶᠠᠨ ᠬᠠᠮᠲᠤ ᠪᠠᠷ ᠬᠦᠷᠲᠡᠬᠦ᠂ ᠰᠣᠶᠣᠯ ᠢᠶᠠᠨ ᠬᠠᠮᠲᠤ ᠪᠠᠷ ᠬᠥᠮᠦᠵᠢᠭᠦᠯᠬᠦ᠂ ᠪᠠᠭᠰᠢ ᠨᠠᠷ ᠤᠨ | ᠡᠩᠨᠡᠭᠡ ᠶᠢ ᠬᠠᠮᠲᠤ ᠪᠠᠷ ᠪᠠᠶᠢᠭᠤᠯᠬᠤ᠂ ᠵᠢᠭᠠᠨ ᠰᠤᠷᠭᠠᠯᠲᠠ ᠰᠤᠳᠤᠯᠭᠠᠨ ᠤ ᠪᠠᠶᠢᠭᠤᠯᠤᠮᠵᠢ ᠬᠤᠯᠪᠣᠭᠠᠯᠠᠬᠤ ᠶᠢ | ᠪᠡᠶᠡᠯᠡᠭᠦᠯᠵᠦ᠂ ᠣᠨᠴᠠᠯᠢᠭ ᠢᠯᠡ ᠲᠣᠳᠣ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠷ ᠲᠡᠷᠢᠭᠦᠨ ᠵᠡᠷᠭᠡ ᠶᠢᠨ | ᠰᠢᠨ᠎ᠡ ᠰᠢᠯᠢᠳᠡᠭ ᠴᠢᠨᠠᠷ ᠪᠦᠬᠦᠢ ᠰᠤᠷᠭᠠᠭᠤᠯᠢ ᠶᠢᠨ ᠪᠦᠯᠦᠭᠵᠢᠯ ᠢ ᠡᠭᠦᠳᠦᠨ ᠪᠠᠶᠢᠭᠤᠯᠤᠨ᠎ᠠ᠃ ᠡᠨᠡ ᠬᠦ | ᠬᠤᠭᠤᠴᠠᠭᠠᠨ ᠳᠤ᠂ ᠪᠠᠰᠠ ︽ᠴᠢᠦᠶ ᠵᠢᠶᠠᠨ ᠬᠤᠸᠠ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ︾ | ᠤᠨ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠪᠥᠬᠦ ᠠᠶᠢᠮᠠᠭ ᠤᠨ 21 ᠵᠠᠬᠢᠷᠤᠯ ᠠᠵᠢᠯᠯᠠᠬᠤ ᠲᠠᠰᠤᠭ ᠲᠤ | ᠣᠷᠣᠯᠴᠠᠵᠤ᠂ ᠲᠤᠰᠬᠠᠶ ᠮᠡᠷᠭᠡᠵᠢᠯᠲᠡᠳ ᠬᠥᠲᠥᠯᠦᠨ ᠳᠠᠭᠠᠭᠤᠯᠬᠤ᠂ ᠥᠪᠡᠷ ᠢᠶᠠᠨ ᠰᠤᠳᠤᠯᠤᠨ ᠰᠤᠷᠤᠯᠴᠠᠬᠤ᠂ | ᠪᠦᠯᠬᠦᠮ ᠨᠡᠶᠢᠲᠡ ᠪᠠᠷ ᠢᠶᠠᠨ ᠬᠠᠮᠲᠤᠷᠠᠯᠴᠠᠬᠤ᠂ ᠨᠥᠯᠥᠭᠡᠯᠡᠨ ᠳᠠᠶᠢᠴᠢᠯᠠᠬᠤ ᠴᠢᠳᠠᠪᠤᠷᠢ ᠲᠠᠢ ᠰᠤᠷᠭᠠᠭᠤᠯᠢ ᠡᠷᠭᠢᠯᠡᠬᠦ | ᠰᠢᠨ᠎ᠡ ᠬᠡᠪ ᠵᠠᠭᠪᠤᠷ ᠢ ᠡᠬᠢᠯᠡᠭᠦᠯᠪᠡ᠃ |