ᠮᠠᠨ ᠤ ᠠᠶᠢᠮᠠᠭ ᠭᠤᠣᠯᠳᠠᠯᠭᠠᠲᠦ ᠣᠷᠣᠨ ᠪᠦᠰᠡ ᠶᠢᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠵᠠᠮ ᠤᠨ ᠪᠦᠳᠦᠬᠡᠨ ᠪᠠᠶᠢᠭᠤᠯᠤᠯᠲᠠ ᠶᠢᠨ ᠲᠦᠷᠦᠯ ᠵᠦᠢᠯ ᠤᠨ ᠶᠡᠷᠦᠩᠬᠡᠢ ᠬᠡᠮᠵᠢᠶ᠎ᠡ ᠶᠢᠨ 90% ᠶᠢ | ᠪᠡᠶᠡᠯᠡᠭᠦᠯᠵᠦ᠂ 80% ᠶᠢᠨ ᠪᠡᠯᠡ ᠤᠷᠤᠭᠤᠯᠤᠯᠳᠠ ᠶᠢ ᠪᠡᠶᠡᠯᠡᠭᠦᠯᠤᠨ᠂ ᠪᠡᠯᠡ ᠮᠥᠩᠭᠦ ᠪᠠᠭᠤᠯᠭᠠᠬᠤ ᠨᠤᠷᠮ᠎ᠠ | 73% ᠶᠢ ᠳᠠᠪᠠᠵᠠᠢ᠃ ᠡᠭᠦᠨ ᠳᠤ ᠨᠢᠭᠡᠳᠦᠭᠡᠷ ᠪᠠᠷᠢᠮᠵᠢᠶᠠᠲᠤ ᠬᠡᠰᠡᠭ᠂ ᠭᠤᠷᠪᠠᠳᠤᠭᠠᠷ ᠪᠠᠷᠢᠮᠵᠢᠶᠠᠲᠤ ᠬᠡᠰᠡᠭ ᠪᠠ | ᠲᠠᠪᠤᠳᠤᠭᠠᠷ ᠪᠠᠷᠢᠮᠵᠢᠶᠠᠲᠤ ᠬᠡᠰᠡᠭ ᠤᠨ ᠭᠤᠤᠯ ᠱᠤᠭᠤᠮ ᠳᠤ ᠪᠠᠷᠤᠭᠰᠢᠨ ᠳᠡᠪᠢᠰᠭᠦ ᠠᠵᠢᠯ ᠨᠢᠭᠡᠨᠲᠡ ᠳᠠᠭᠤᠰᠤᠨ᠂ | ᠪᠥᠬᠦ ᠣᠷᠳᠣ ᠨᠢ 59 ᠺᠢᠯᠣᠮᠧᠲᠷ ᠲᠤ ᠬᠦᠷᠴᠦ᠂ ᠲᠡᠷᠭᠡ ᠨᠡᠪᠲᠡᠷᠡᠬᠦ ᠨᠥᠬᠦᠴᠡᠯ ᠢ ᠨᠢᠭᠡᠨᠲᠡ ᠪᠦᠷᠢᠯᠳᠦᠭᠦᠯᠦᠭᠰᠡᠨ | ᠪᠠᠶᠢᠨ᠎ᠠ᠃ | ᠪᠦᠬᠦ ᠠᠶᠢᠮᠠᠭ ᠤᠨ ᠭᠤᠣᠯᠳᠠᠯᠭᠠᠲᠦ ᠣᠷᠣᠨ ᠪᠦᠰᠡ ᠶᠢᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠤᠯᠤᠰ ᠤᠨ ᠵᠢᠭᠡᠯᠡᠯᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠪᠣᠯᠤᠨ᠎ᠠ᠃ ᠮᠠᠨ ᠤ ᠠᠶᠢᠮᠠᠭ ᠤᠨ ᠬᠠᠷᠢᠶᠠᠨ ᠳᠠᠬᠢ ᠥᠪᠥᠷ ᠮᠣᠩᠭᠤᠯ ᠤᠨ | ᠠᠯᠠᠱᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶ᠎ᠠ ᠪᠣᠯᠤᠨ ᠡᠵᠡᠨ᠎ᠡ ᠬᠤᠰᠢᠭᠤᠨ ᠤ ᠰᠠᠶᠢᠬᠠᠨᠲᠤᠤᠷᠡᠢ ᠰᠤᠮᠤᠨ ᠤ ᠰᠠᠶᠢᠬᠠᠨᠲᠤᠤᠷᠡᠢ ᠭᠠᠴᠠᠭᠠᠨ ᠤ | ᠭᠤᠣᠯᠳᠠᠯᠭᠠᠲᠦ ᠣᠶ ᠰᠢᠭᠤᠶ ᠨᠤᠲᠤᠭ ᠪᠡᠯᠴᠢᠭᠡᠷ ᠤᠨ ᠪᠦᠷᠬᠦᠴᠡ ᠨᠢᠠᠠᠳᠠ᠂ ᠰᠢᠲᠠᠮᠠᠬᠠᠶ ᠪᠣᠳᠠᠰ ᠠᠷᠪᠢᠨ᠂ ᠭᠠᠯ ᠤᠨ | ᠭᠠᠮᠰᠢᠭ ᠤᠨ ᠳᠠᠯᠳᠠ ᠬᠡᠮ ᠶᠡᠭᠡ ᠵᠡᠷᠬᠡ ᠣᠷᠣᠨ ᠪᠦᠰᠡ ᠶᠢᠨ ᠬᠡᠪᠴᠢᠶᠡᠨ ᠳᠣᠲᠣᠷ᠎ᠠ᠂ ᠭᠠᠯ ᠰᠡᠷᠭᠡᠶᠢᠯᠡᠬᠦ ᠵᠠᠮ ᠢ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠳᠤ ᠨᠡᠶᠢᠲᠡ 11579 ᠲᠦᠮᠡᠨ ᠲᠥᠭᠦᠷᠢᠭ ᠤᠨ ᠪᠠᠯᠠ | ᠣᠷᠣᠭᠤᠯᠵᠤ᠂ ᠪᠥᠬᠦ ᠣᠷᠳᠣ ᠨᠢ 166.103 ᠺᠢᠯᠣᠮᠧᠲᠷ ᠪᠣᠯᠤᠨ᠎ᠠ᠂ ᠡᠭᠦᠨ ᠳᠤ 132.503 ᠺᠢᠯᠣᠮᠧᠲᠷ ᠤᠨ | ᠭᠠᠯ ᠰᠡᠷᠬᠡᠶᠢᠯᠡᠬᠦ ᠵᠠᠮ ᠢ ᠰᠢᠨ᠎ᠠ ᠪᠠᠷ ᠪᠠᠶᠢᠭᠤᠯᠵᠦ᠂ 33.6 ᠺᠢᠯᠣᠮᠧᠲᠷ ᠵᠠᠮ ᠢ ᠦᠬᠡᠷᠡᠴᠢᠯᠠᠨ ᠲᠡᠰ | ᠲᠡᠪᠰᠢᠬᠦᠯᠵᠠᠢ᠃ | ᠭᠠᠯ ᠰᠡᠷᠭᠡᠶᠢᠯᠡᠬᠦ ᠵᠠᠮ ᠢ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠭᠠᠯ ᠤᠨᠲᠠᠷᠠᠭᠠᠬᠤ ᠲᠡᠷᠭᠡ ᠮᠠᠰᠢᠨ᠂ | ᠬᠥᠮᠦᠨ ᠪᠣᠯᠤᠨ ᠡᠳ᠋ ᠪᠣᠳᠠᠰ ᠭᠠᠯ ᠭᠠᠷᠤᠭᠰᠠᠨ ᠲᠤᠬᠠᠶ ᠶᠢᠨ ᠭᠠᠵᠠᠷ ᠲᠤ ᠦᠳᠲᠡᠷ ᠲᠦᠷᠭᠡᠨ ᠬᠦᠷᠴᠦ᠂ | ᠰᠢᠭᠤᠶᠢᠲᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠤᠷᠳᠤᠴᠠ ᠪᠣᠯᠤᠨ ᠭᠠᠯ ᠤᠨᠲᠠᠷᠠᠭᠠᠬᠤ ᠦᠷ᠎ᠡ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠤᠢ ᠰᠢᠭᠤᠶ ᠶᠢᠨ ᠡᠬᠢ ᠪᠠᠶᠠᠯᠢᠭ ᠪᠣᠯᠤᠨ ᠠᠮᠢ ᠠᠬᠤᠶ ᠣᠷᠴᠢᠨ | ᠲᠣᠭᠤᠷᠢᠨ ᠢ ᠨᠡᠩ ᠰᠠᠶᠢᠲᠤᠷ ᠬᠠᠮᠠᠭᠠᠯᠠᠬᠤ ᠪᠣᠯᠤᠨ᠎ᠠ᠃ |