ᠡᠵᠡᠨ᠎ᠡ ᠬᠤᠰᠢᠭᠤᠨ ᠤ ᠠᠩᠬᠠᠳᠠᠭᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠠᠵᠢᠯ ᠤᠨ ᠥᠷᠲᠡᠭᠡ ᠡᠷᠦᠭᠡ ᠪᠠᠨ ᠰᠡᠬᠦᠯ᠎ᠡ
ᠨᠡᠶᠢᠲᠡᠯᠡᠭᠰᠡᠨ ᠴᠠᠭ᠄
2024/10/17
     10 ᠰᠠᠷ᠎ᠠ ᠶᠢᠨ 12 ᠤᠨ ᠡᠳᠦᠷ᠂ ᠡᠵᠡᠨ᠎ᠡ ᠬᠤᠰᠢᠭᠤᠨ ᠤ ᠠᠩᠬᠠᠳᠠᠭᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠡ ᠪᠠᠨ ᠬᠠᠮᠠᠭᠠᠯᠠᠬᠤ ᠳᠤ ᠲᠤᠰᠠᠯᠠᠬᠤ ᠠᠵᠢᠯ ᠤᠨ ᠥᠷᠲᠡᠭᠡ ᠪᠠᠶᠢᠭᠤᠯᠤᠭᠳᠠᠪᠠ᠃ ᠲᠣᠰ ᠠᠵᠢᠯ ᠤᠨ ᠥᠷᠲᠡᠭᠡ ᠶᠢ ᠥᠪᠥᠷ ᠮᠣᠩᠭᠤᠯ ᠤᠨ ᠮᠢᠩ ᠺᠧ ᠣᠨᠴᠠ ᠭᠠᠷᠤᠯᠲᠠ ᠶᠢᠨ ᠬᠢᠵᠠᠭᠠᠷᠲᠤ ᠺᠣᠮᠫᠠᠨᠢ ︵ᠡᠵᠡᠨ᠎ᠡ ᠬᠤᠰᠢᠭᠤ︶ ᠳᠤ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠶᠢ ᠲᠤᠰᠠᠯᠠᠬᠤ ᠠᠵᠢᠯ ᠤᠨ ᠥᠷᠲᠡᠭᠡ ᠪᠠᠶᠢᠭᠤᠯᠣᠭᠳᠠᠭᠰᠠᠨ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃     ᠠᠵᠢᠯ ᠤᠨ ᠥᠷᠲᠡᠭᠡ ᠨᠢ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠪᠠᠶᠢᠭᠤᠯᠤᠮᠵᠢ ᠶᠢᠨ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠣᠯᠠᠨ ᠲᠠᠯ᠎ᠠ ᠶᠢᠨ ᠰᠢᠯᠢᠳᠡᠭ ᠡᠬᠢ ᠪᠠᠶᠠᠯᠢᠭ ᠢ ᠬᠤᠷᠠᠮᠳᠤᠭᠤᠯᠤᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ᠂ ᠬᠠᠮᠲᠤᠷᠠᠯᠴᠠᠵᠤ ᠬᠠᠮᠲᠤ ᠪᠠᠷ ᠬᠤᠪᠢᠶᠠᠯᠴᠠᠬᠤ ᠠᠵᠢᠯᠯᠠᠭᠠᠨ ᠤ ᠲᠣᠭᠲᠠᠴᠠ ᠶᠢ ᠪᠣᠶ ᠪᠣᠯᠭᠠᠵᠤ᠂ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ᠂ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠠᠬᠢᠭᠤᠯᠬᠤ ᠪᠣᠯᠣᠨ᠎ᠠ᠃     ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ᠠᠵᠢᠯ ᠤᠨ ᠥᠷᠲᠡᠭᠡ ᠲᠠᠢ ᠬᠠᠮᠲᠤ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠲᠤᠰᠠᠯᠠᠮᠵᠢ ᠶᠢᠨ ᠴᠢᠳᠠᠮᠵᠢ ᠶᠢ ᠪᠠᠳᠠᠷᠠᠭᠤᠯᠵᠤ᠂ ᠠᠵᠤ ᠠᠬᠤᠶᠢᠯᠠᠯ᠂ ᠠᠵᠤ ᠦᠢᠯᠡᠰ ᠲᠤ ᠦᠢᠯᠡᠴᠢᠯᠡᠬᠦ ᠡᠮᠦᠨ᠎ᠡ ᠹᠷᠣᠨᠲ ᠪᠣᠯᠵᠣ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠦᠢᠯᠡᠴᠢᠯᠡᠬᠦ ᠬᠡᠷᠡᠭᠴᠡᠭᠡ ᠶᠢ ᠬᠠᠩᠭᠠᠵᠤ᠂ ᠡᠵᠡᠨ᠎ᠡ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢ ᠪᠠᠳᠣᠯᠠᠬᠤ ᠪᠣᠯᠣᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号