ᠮᠠᠨ ᠤ ᠠᠶᠢᠮᠠᠭ ᠦᠬᠠᠶ ᠬᠤᠲᠠ ᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠠᠮᠲᠤᠷᠠᠯᠴᠠᠭᠠᠨ ᠤ ᠬᠡᠯᠡᠯᠴᠡᠬᠡᠷ ᠲᠣᠭᠲᠠᠵᠠᠢ
ᠨᠡᠶᠢᠲᠡᠯᠡᠭᠰᠡᠨ ᠴᠠᠭ᠄
2024/10/17
    ᠤᠢᠢᠷ᠎ᠠ ᠶᠢᠨ ᠡᠳᠦᠷ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠦᠬᠠᠢ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠠᠷᠢᠯᠴᠠᠬᠤ ᠬᠤᠷᠡᠯ ᠬᠤᠷᠠᠯᠳᠤᠭᠤᠯᠵᠦ᠂ ︽ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠠᠮᠲᠤᠷᠠᠯᠴᠠᠭᠠᠨ ᠤ ᠬᠡᠯᠡᠯᠴᠡᠬᠡᠷ︾ ᠲᠣᠭᠲᠠᠭᠰᠠᠨ ᠪᠠᠶᠢᠨ᠎ᠠ᠃    ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶ᠎ᠠ ᠴᠠᠷᠠᠭᠠᠨ ᠤ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠬᠤ᠂ ᠬᠤᠶᠠᠷ ᠲᠠᠯ᠎ᠠ ᠶᠢᠨ ᠬᠤᠯᠪᠣᠭᠠᠯᠠᠨ ᠬᠥᠳᠡᠯᠦᠯᠴᠡᠵᠦ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠮᠰᠢᠭ ᠵᠡᠷᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠠᠵᠢᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠶᠠᠷᠢᠯᠴᠠᠬᠤ ᠬᠤᠷᠠᠯ ᠤᠨ ᠳᠠᠷᠠᠭ᠎ᠠ᠂ ᠬᠤᠶᠠᠷ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ︽ᠠᠯᠠᠱᠠ ᠠᠶᠢᠮᠠᠭ ᠬᠢᠭᠡᠳ ᠦᠬᠠᠶ ᠬᠤᠲᠠ ᠶᠢᠨ ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠤᠯᠪᠣᠭᠠᠯᠠᠨ ᠬᠥᠳᠡᠯᠦᠯᠴᠡᠬᠦ ᠬᠡᠯᠡᠯᠴᠡᠬᠡᠷ︾ ᠲᠣᠭᠲᠠᠪᠠ᠃ ᠬᠡᠯᠡᠯᠴᠡᠬᠡᠷ ᠢ ᠦᠨᠳᠦᠰᠦᠯᠠᠪᠠᠯ᠂ ᠬᠤᠶᠠᠷ ᠭᠠᠵᠠᠷ ᠤᠨ ᠬᠢᠨ ᠮᠡᠳᠡᠭᠡ ᠵᠠᠩᠭᠢ ᠶᠢ ᠬᠠᠷᠢᠯᠴᠠᠨ ᠬᠤᠪᠢᠶᠠᠯᠴᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠯᠠᠪᠳᠠᠭᠤᠨ ᠢᠶᠠᠷ ᠠᠬᠢᠭᠤᠯᠬᠤ ᠲᠤᠭᠳᠠᠴᠠ ᠪᠠᠷ ᠵᠠᠷᠴᠢᠮ ᠪᠣᠯᠭᠠᠵᠤ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠤᠷᠳᠤ ᠬᠤᠭᠤᠴᠠᠭᠠᠨ ᠤ᠂ ᠲᠣᠭᠲᠠᠭᠤᠨ᠂ ᠨᠠᠶᠢᠳᠠᠪᠤᠷᠢᠲᠠᠶ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠬᠤ ᠪᠤᠯᠤᠨ᠎ᠠ᠃    ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠬᠡᠯᠡᠯᠴᠡᠬᠡᠷ ᠤᠨ ᠰᠠᠭᠤᠷᠢᠨ ᠳᠡᠭᠡᠷ᠎ᠡ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠮᠰᠢᠭ ᠵᠡᠷᠭᠡ ᠭᠡᠨᠡᠳᠲᠡ ᠶᠢᠨ ᠡᠬᠦᠰᠴᠦ ᠮᠡᠳᠡᠬᠦ ᠠᠶᠤᠯ ᠲᠦᠭᠰᠢᠭᠦᠷᠢ ᠶᠢ ᠬᠠᠮᠲᠤ ᠪᠠᠷ ᠠᠷᠭᠠᠴᠠᠭᠠᠵᠤ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠦᠷ᠎ᠡ ᠪᠦᠲᠦᠮᠵᠢ ᠪᠣᠯᠤᠨ ᠴᠢᠳᠠᠪᠤᠷᠢ ᠶᠢ ᠳᠡᠭᠡᠭᠰᠢᠯᠡᠭᠦᠯᠤᠨ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠭᠠᠵᠠᠷ ᠣᠷᠣᠨ ᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠪᠠᠷ ᠪᠤᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号