ᠡᠨᠡ ᠵᠢᠯ ᠠᠴᠠ ᠨᠠᠭᠠᠰᠢ᠂ ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠮᠠᠯᠵᠢᠬᠤ | ᠲᠠᠷᠢᠶᠠᠯᠠᠬᠤ ᠣᠷᠣᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ | ᠪᠠᠶᠢᠷᠢᠯᠠᠭᠤᠯᠤᠯᠲᠠ ᠶᠢ ᠭᠦᠨᠵᠡᠭᠡᠶ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠱᠠᠭᠠᠷᠳᠠᠯᠭ᠎ᠠ ᠶᠢ ᠦᠢᠯᠡᠳᠦᠯᠭᠡᠵᠢᠭᠦᠯᠤᠨ᠂ ᠮᠠᠯᠵᠢᠬᠤ ᠲᠠᠷᠢᠶᠠᠯᠠᠬᠤ | ᠣᠷᠣᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ | ᠮᠡᠳᠡᠭᠡ ᠵᠠᠩᠭᠢ ᠶᠢᠨ ᠬᠦᠢᠯᠬᠡᠬᠡᠨ︾᠂ ︽ᠪᠠᠯᠠ ᠮᠥᠩᠭᠦ ᠶᠢᠨ ᠬᠦᠢᠯᠬᠡᠬᠡᠨ︾᠂ ︽ᠲᠥᠷᠥ ᠶᠢᠨ ᠪᠣᠳᠣᠯᠭ᠎ᠠ ᠶᠢᠨ | ᠬᠦᠢᠯᠬᠡᠬᠡᠨ︾ ᠢ ᠥᠨᠳᠥᠷ ᠪᠦᠲᠦᠮᠵᠢᠲᠡᠶ ᠪᠠᠷ ᠬᠤᠯᠪᠣᠯᠳᠤᠬᠤ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠠᠶᠢᠨ᠎ᠡ᠃ | ︽ᠮᠡᠳᠡᠭᠡ ᠵᠠᠩᠭᠢ ᠶᠢᠨ ᠬᠦᠢᠯᠬᠡᠬᠡᠨ︾ ᠢ ᠨᠡᠪᠲᠡᠷᠡᠭᠦᠯᠵᠦ᠂ ᠲᠠᠷᠢᠶᠠᠯᠠᠩ ᠳᠤ ᠬᠤᠯᠪᠣᠭᠳᠠᠬᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠮᠠᠯᠵᠢᠬᠤ ᠲᠠᠷᠢᠶᠠᠯᠠᠬᠤ ᠡᠷᠦᠬᠡ᠂ ᠰᠢᠨ᠎ᠡ ᠬᠡᠯᠪᠡᠷᠢ ᠶᠢᠨ | ᠮᠠᠯ ᠠᠵᠤ ᠠᠬᠤᠶ ᠳᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠭᠠᠵᠠᠷ | ᠰᠢᠷᠣᠶ ᠶᠢᠨ ᠮᠡᠳᠡᠭᠡ ᠵᠠᠩᠭᠢ᠂ ᠲᠠᠷᠢᠶᠠᠯᠠᠩ ᠤᠨ ᠳᠠᠭᠠᠳᠬᠠᠯ᠂ ᠡᠳ᠋ ᠤᠨ ᠵᠠᠰᠠᠭ ᠤᠨ ᠱᠠᠩᠨᠠᠯ ᠨᠥᠬᠦᠪᠥᠷᠢ ᠵᠡᠷᠭᠡ | ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠤᠭᠯᠠᠭᠤᠯᠪᠠ᠃ ᠦᠨᠡᠨᠴᠢ ᠢᠲᠡᠭᠡᠮᠵᠢ ᠶᠢᠨ ᠮᠡᠳᠡᠭᠡ ᠵᠠᠩᠬᠢ ᠶᠢᠨ | ᠲᠠᠪᠴᠠᠩ ᠳᠤ ᠲᠦᠰᠢᠭᠯᠡᠨ ᠵᠢᠱᠢᠶ᠎ᠡ ᠦᠵᠡᠭᠦᠯᠬᠦ ᠰᠢᠨ᠎ᠡ ᠬᠡᠯᠪᠡᠷᠢ ᠶᠢᠨ ᠮᠠᠯ ᠠᠵᠤ ᠠᠬᠤᠶ ᠳᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠪᠠ᠃ | 9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠤᠷᠤᠨ 385.2 ᠲᠦᠮᠡᠨ ᠮᠠᠯᠵᠢᠬᠤ ᠲᠠᠷᠢᠶᠠᠯᠠᠬᠤ ᠡᠷᠦᠬᠡ᠂ 10 | ᠲᠦᠮᠡ ᠭᠠᠷᠤᠶ ᠰᠢᠨ᠎ᠡ ᠬᠡᠯᠪᠡᠷᠢ ᠶᠢᠨ ᠮᠠᠯ ᠠᠵᠤ ᠠᠬᠤᠶ ᠳᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠳᠤ | ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠢᠲᠡᠭᠡᠮᠵᠢ ᠶᠢ ᠦᠨᠡᠯᠡᠨ ᠲᠤᠭᠳᠠᠭᠠᠪᠠ᠃ | ︽ᠪᠡᠯᠡ ᠮᠥᠩᠭᠦᠨ ᠤ ᠬᠦᠢᠯᠬᠡᠬᠡᠨ︾ ᠢ ᠨᠢᠭᠳᠠᠷᠠᠭᠤᠯᠵᠤ᠂ ᠲᠠᠷᠢᠶᠠᠯᠠᠩ ᠳᠤ ᠬᠤᠯᠪᠤᠭᠳᠠᠬᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ᠂ ᠮᠠᠯᠵᠢᠬᠤ ᠲᠠᠷᠢᠶᠠᠯᠠᠬᠤ ᠡᠷᠦᠬᠡ ᠶᠢᠨ ᠲᠠᠩᠰᠠ ᠡᠪᠬᠡᠮᠡᠯ | ᠪᠠᠶᠢᠭᠤᠯᠤᠨ ᠲᠠᠰ ᠲᠣᠭᠲᠠᠭᠠᠭᠰᠠᠨ ᠦᠷ᠎ᠡ ᠳ᠋ᠦᠩ ᠪᠠ ᠢᠳᠡᠬᠡᠮᠵᠢᠳᠤ ᠡᠷᠦᠬᠡ᠂ ᠢᠲᠡᠭᠡᠮᠵᠢᠲᠦ ᠲᠣᠰᠬᠤᠨ᠂ | ᠢᠲᠡᠭᠡᠮᠵᠢᠲᠦ ᠰᠢᠶᠠᠩ ᠪᠠᠯᠭᠠᠰᠤ ᠶᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠢᠳᠡᠪᠬᠢᠲᠡᠶ ᠥᠷᠭᠡᠳᠭᠡᠨ | ᠭᠦᠢᠴᠡᠳ ᠰᠠᠶᠢᠲᠤᠷ ᠠᠰᠢᠬᠯᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠶᠠᠰᠤ ᠴᠢᠨᠠᠷ ᠦᠷ᠎ᠡ | ᠪᠦᠲᠦᠮᠵᠢ ᠶᠢ ᠲᠡᠭᠡᠭᠰᠢᠯᠡᠬᠦᠯᠪᠡ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠤᠷᠤᠨ 160 ᠲᠦᠮᠡ ᠰᠢᠬᠠᠮ | ᠢᠳᠡᠬᠡᠮᠵᠢᠳᠤ ᠡᠷᠦᠬᠡ᠂ 5000 ᠰᠢᠬᠠᠮ ᠢᠳᠡᠬᠡᠮᠵᠢᠳᠤ ᠲᠣᠰᠬᠤᠨ᠂ 280 ᠭᠠᠷᠤᠶ ᠢᠳᠡᠬᠡᠮᠵᠢᠳᠤ ᠰᠢᠶᠠᠩ | ᠪᠠᠯᠭᠠᠰᠤ ᠶᠢ ᠦᠨᠡᠯᠡᠨ ᠲᠣᠭᠲᠠᠭᠠᠵᠤ᠂ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠦᠨᠡᠨᠴᠢ ᠢᠳᠡᠬᠡᠮᠵᠢ ᠶᠢᠨ ᠲᠠᠩᠰᠠ ᠡᠪᠬᠡᠮᠡᠯ ᠪᠠᠶᠢᠭᠤᠯᠤᠭᠰᠠᠨ 88.6 ᠲᠦᠮᠡᠨ ᠮᠠᠯᠵᠢᠬᠤ | ᠲᠠᠷᠢᠶᠠᠯᠠᠬᠤ ᠡᠷᠦᠬᠡ᠂ 9.1 ᠲᠦᠮᠡᠨ ᠰᠢᠨ᠎ᠡ ᠬᠡᠯᠪᠡᠷᠢ ᠶᠢᠨ ᠮᠠᠯ ᠠᠵᠤ ᠠᠬᠤᠶ ᠳᠠᠷᠢᠶᠠᠯᠠᠩ ᠤᠨ ᠡᠵᠡᠩᠨᠡᠯᠲᠡ ᠶᠢᠨ | ᠭᠤᠤᠯ ᠴᠣᠭᠴᠠ ᠳᠤ ᠵᠢᠭᠡᠯᠡᠯᠭᠡ ᠲᠠᠯᠪᠢᠵᠤ᠂ ᠦᠯᠡᠳᠡᠪᠦᠷᠢ ᠨᠢ ᠲᠣᠰ ᠲᠣᠰ 1578.3 ᠳ᠋ᠦᠩᠰᠢᠭᠤᠷ ᠲᠥᠭᠦᠷᠢᠭ᠂ | 195.6 ᠳ᠋ᠦᠩᠰᠢᠭᠤᠷ ᠲᠥᠭᠦᠷᠢᠭ ᠪᠤᠯᠪᠠ᠃ | ︽ᠲᠥᠷᠥ ᠶᠢᠨ ᠪᠣᠳᠣᠯᠭ᠎ᠠ ᠶᠢᠨ ᠬᠦᠢᠯᠬᠡᠬᠡᠨ︾ ᠢ ᠰᠢᠯᠤᠭᠤᠳᠬᠠᠵᠤ᠂ ᠠᠷᠠᠳ ᠤᠨ ᠪᠠᠩᠬᠢ ᠶᠢᠨ ᠲᠠᠷᠢᠶᠠᠯᠠᠩ ᠢ | ᠳᠡᠮᠵᠢᠬᠦ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ | ᠪᠦᠲᠦᠮᠵᠢᠲᠡᠶ ᠪᠠᠳᠠᠷᠠᠭᠤᠯᠵᠤ᠂ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠢᠲᠡᠭᠡᠮᠵᠢ ᠶᠢᠨ ᠵᠢᠱᠢᠶ᠎ᠡ ᠦᠵᠡᠭᠦᠯᠬᠦ ᠡᠷᠦᠬᠡ ᠳᠤ ᠵᠢᠭᠡᠯᠡᠯᠭᠡ ᠶᠢᠨ ᠤᠶᠢᠯᠡᠳᠬᠦᠨ ᠢ ᠰᠢᠨᠡᠴᠢᠯᠡᠬᠦ ᠶᠢ ᠬᠦᠳᠦᠯᠦᠨ | ᠵᠢᠯᠤᠭᠤᠳᠴᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠡᠨᠴᠢ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢᠨ ᠠᠵᠢᠯ ᠳᠤ ᠭᠦᠨᠵᠡᠭᠡᠢ ᠣᠷᠣᠯᠴᠠᠬᠤ ᠶᠢ ᠲᠡᠮᠵᠢᠵᠡᠢ᠃ 9 ᠰᠠᠷ᠎ᠠ ᠶᠢᠨ ᠰᠡᠭᠦᠯᠴᠢ ᠪᠣᠯᠲᠠᠯ᠎ᠠ᠂ | ᠪᠥᠬᠦ ᠣᠷᠣᠨ ᠤ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠮᠥᠩᠭᠦᠨ ᠭᠦᠢᠯᠭᠡᠭᠡᠨ ᠤ | ᠵᠢᠭᠠᠨ ᠵᠢᠯᠣᠭᠤᠳᠣᠭᠴᠢ ᠪᠠ ᠮᠥᠩᠭᠦᠨ ᠭᠦᠢᠯᠭᠡᠭᠡᠨ ᠤ ᠲᠤᠤᠷᠵᠢᠯ ᠤᠨ ᠠᠵᠢᠯᠲᠠᠨ ᠢ 1.2 ᠲᠦᠮᠡᠨ ᠬᠥᠮᠦᠨ ᠤᠷᠢᠨ | ᠲᠣᠮᠢᠯᠠᠵᠤ᠂ 5000 ᠰᠢᠬᠠᠮ ᠮᠥᠩᠭᠦᠨ ᠭᠦᠢᠯᠭᠡᠭᠡᠨ ᠤ ᠲᠤᠰᠠᠯᠠᠭᠴᠢ ᠪᠠ ᠮᠥᠩᠭᠦᠨ ᠭᠦᠢᠯᠭᠡᠭᠡᠨ ᠤ ᠲᠣᠰᠬᠤᠨ ᠤ | ᠳᠠᠷᠤᠭ᠎ᠠ ᠶᠢ ᠲᠣᠮᠢᠯᠠᠪᠠ᠃ |