ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠰᠢᠨ᠎ᠡ ᠳᠡᠭᠲᠡᠷ ᠲᠤ ᠭᠠᠷᠪᠠ
ᠨᠡᠶᠢᠲᠡᠯᠡᠭᠰᠡᠨ ᠴᠠᠭ᠄
2024/10/18
    ᠮᠠᠨ ᠤ ᠤᠷᠤᠨ ᠮᠠᠯ ᠤᠨ ᠠᠰᠢᠭ ᠰᠢᠮ᠎ᠡ ᠲᠠᠷᠢᠶᠠᠯᠡᠩ ᠤᠨ ᠪᠦᠲᠦᠭᠡᠭᠳᠡᠭᠦᠨ ᠤ ᠭᠠᠷᠤᠯᠲᠠ ᠶᠢᠨ ᠲᠤᠮᠤ ᠤᠷᠤᠨ ᠠᠴᠠ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠤᠷᠤᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠦᠷᠬᠦᠯᠵᠢᠯᠡᠨ ᠠᠬᠢᠭᠤᠯᠵᠤ᠂ ᠡᠨᠡ ᠵᠢᠯ ᠪᠦᠬᠦ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠰᠢᠨ᠎ᠡ ᠳᠡᠭᠲᠡᠷ ᠲᠤ ᠭᠠᠷᠪᠠ᠃    ᠮᠠᠨ ᠤ ᠤᠷᠤᠨ ᠡᠨᠡ ᠵᠢᠯ ᠠᠮᠤ ᠪᠤᠳᠠᠭᠠᠨ ᠤ ᠲᠠᠷᠢᠮᠠᠯ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠲᠠᠯᠠᠪᠠᠢ ᠶᠢ ᠲᠤᠭᠲᠠᠭᠤᠨ ᠤ ᠳᠤᠮᠳᠠ ᠨᠡᠮᠡᠭᠳᠡᠭᠦᠯᠵᠦ᠂ ᠤᠯᠤᠰ ᠠᠴᠠ ᠪᠠᠭᠤᠯᠭᠠᠭᠰᠠᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠡᠷᠳᠡᠨᠢ ᠰᠢᠰᠢ᠂ ᠪᠣᠭᠤᠳᠠᠶ᠂ ᠤᠰᠤᠨ ᠲᠤᠲᠤᠷᠭ᠎ᠠ ᠵᠡᠷᠭᠡ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠥᠪᠡᠷ ᠤᠨ ᠥᠷᠲᠡᠭ ᠤᠨ ᠪᠦᠷᠢᠨ ᠳᠠᠭᠠᠳᠬᠠᠯ ᠢ ᠠᠮᠤ ᠪᠤᠳᠠᠭᠠᠨ ᠤ ᠭᠠᠷᠤᠯᠲᠠ ᠶᠢᠨ ᠶᠡᠭᠡ ᠰᠢᠶᠠᠨ ᠢ ᠪᠦᠬᠦᠨ ᠢ ᠬᠠᠮᠤᠷᠤᠭᠤᠯᠵᠤ᠂ ᠮᠠᠯᠴᠢᠨ ᠲᠠᠷᠢᠶᠠᠴᠢᠳ ᠤᠨ ᠠᠮᠤ ᠪᠤᠳᠠᠭᠠᠨ ᠤ ᠲᠠᠷᠢᠮᠠᠯ ᠲᠠᠷᠢᠬᠤ ᠳᠤ ᠬᠦᠴᠦᠳᠤ ᠪᠠᠲᠤᠯᠠᠭ᠎ᠠ ᠬᠠᠩᠭᠠᠪᠠ᠃ ᠡᠭᠦᠨ ᠤ ᠬᠠᠮᠲᠤ ᠡᠷᠳᠡᠨᠢ ᠰᠢᠰᠢ᠂ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ 405 ᠲᠦᠮᠡᠨ ᠮᠥ ᠬᠡᠷᠡᠭᠵᠢᠭᠦᠯᠤᠨ᠂ ᠡᠭᠦᠷᠭᠡ ᠪᠠ ᠪᠠᠯᠠ ᠤᠷᠤᠭᠤᠯᠤᠯᠲᠠ ᠶᠢᠨ ᠲᠠᠯ᠎ᠠ ᠪᠠᠷ ᠴᠥ᠋ᠮ ᠪᠥᠬᠦ ᠤᠯᠤᠰ ᠤᠨ ᠲᠦᠷᠦᠬᠦᠨ ᠳᠤ ᠣᠷᠣᠵᠤ᠂ ᠠᠮᠤ ᠲᠤᠰᠤᠨ ᠤ ᠲᠠᠷᠢᠮᠠᠯ ᠵᠡᠷᠭᠡ ᠭᠤᠤᠯ ᠪᠣᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠤᠷᠤᠨ ᠤ ᠲᠠᠯᠠᠪᠠᠢ 1040 ᠲᠦᠮᠡᠨ ᠮᠥ ᠳᠤ ᠬᠦᠷᠴᠦ᠂ ᠨᠢᠳᠤᠨᠤᠨ ᠤ ᠬᠢ ᠠᠴᠠ 496 ᠲᠦᠮᠡᠨ ᠮᠥ ᠨᠡᠮᠡᠭᠳᠡᠨ᠂ ᠰᠢᠷ᠎ᠠ ᠪᠤᠷᠴᠠᠭ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ 40 ᠪᠠᠶᠢᠭᠤᠯᠪᠠ᠃ ᠠᠮᠤ ᠪᠤᠳᠠᠭᠠᠨ ᠤ ᠦᠢᠯᠡᠳᠪᠤᠷᠢᠯᠡᠯ ᠳᠤ ᠦᠷᠬᠦᠯᠵᠢᠯᠡᠨ ᠡᠯᠪᠡᠭ ᠬᠤᠷᠢᠶᠠᠯᠲᠠ ᠣᠯᠤᠭᠰᠠᠨ ᠪᠠᠶᠠᠷ ᠤᠨ ᠴᠢᠮᠡᠭᠡ ᠡᠯ᠎ᠠ ᠭᠠᠵᠠᠷ ᠠᠴᠠ ᠳᠤᠭᠤᠯᠳᠠᠵᠤ᠂ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠵᠢᠱᠢᠯᠳᠡ ᠪᠠᠷ ᠡᠨᠡ ᠵᠢᠯ ᠪᠥᠬᠦ ᠣᠷᠣᠨ ᠤ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ ᠢ ᠳᠠᠪᠠᠭ᠋ᠤ ᠪᠣᠯᠤᠮᠵᠢ ᠲᠠᠢ ᠪᠠᠶᠢᠨ᠎ᠠ᠃    ᠮᠠᠯ ᠠᠵᠤ ᠠᠬᠤᠶ ᠶᠢᠨ ᠲᠠᠯ᠎ᠠ ᠪᠠᠷ ᠪᠦᠬᠦ ᠤᠷᠤᠨ ᠤ ᠡᠯ᠎ᠠ ᠭᠠᠵᠠᠷ ᠤᠨ ᠬᠢᠨ ᠬᠠᠰᠢᠶᠠᠯᠠᠨ ᠲᠡᠵᠢᠭᠡᠬᠦ ᠵᠠᠭᠪᠤᠷ ᠢ ᠢᠳᠡᠪᠬᠢᠲᠡᠶ ᠠᠬᠢᠭᠤᠯᠵᠤ᠂ ᠮᠢᠬᠠᠨ ᠤ ᠬᠤᠨᠢ ᠶᠢᠨ ᠬᠡᠪᠴᠢᠶᠡᠵᠢᠭᠰᠡᠨ ᠲᠠᠵᠢᠬᠡᠪᠤᠷᠢ ᠶᠢᠨ ᠲᠠᠯᠠᠪᠠᠶ ᠶᠢ 166 ᠰᠢᠨ᠎ᠠ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠭᠡᠨ ᠪᠠᠶᠢᠭᠤᠯᠵᠤ᠂ ᠪᠣᠷᠳᠣᠨ ᠲᠠᠷᠭᠤᠯᠠᠭᠤᠯᠵᠤ ᠬᠤᠳᠠᠯᠳᠤᠭᠰᠠᠨ ᠮᠢᠬᠠᠨ ᠤ ᠦᠬᠡᠷ ᠨᠢᠬᠡᠨᠳᠡ 103 ᠲᠦᠮᠡ ᠳᠤ ᠬᠦᠷᠴᠠᠢ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠵᠤ᠂ ︽ᠰᠦ ᠶᠢᠨ ᠦᠢᠯᠡᠰ ᠤᠨ 33 ᠵᠤᠷᠪᠤᠰ︾ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠡᠭᠡᠷ᠎ᠡ ᠬᠠᠭᠠᠰ ᠵᠢᠯ ᠳᠤ ᠪᠦᠬᠦ ᠤᠷᠤᠨ ᠤ ᠦᠨᠢᠶᠡᠨ ᠰᠦ ᠶᠢᠨ ᠭᠠᠷᠤᠯᠲᠠ 282.5 ᠲᠦᠮᠡᠨ ᠲᠣᠨ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ᠃ ᠡᠨᠡ ᠵᠢᠯ ᠪᠦᠬᠦ ᠤᠷᠤᠨ ᠢᠶᠠᠷ ᠢᠶᠠᠨ ᠨᠡᠶᠢᠳᠡ 1800 ᠲᠦᠮᠡᠨ ᠮᠥ ᠡᠪᠡᠰᠦ ᠲᠠᠷᠢᠵᠤ᠂ ᠮᠠᠯ ᠠᠵᠤ ᠠᠬᠤᠶ ᠶᠢᠨ ᠦᠷᠬᠦᠯᠵᠢᠯᠡᠬᠦ ᠬᠦᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号