ᠮᠡᠨ ᠤ ᠤᠷᠤᠨ ᠮᠦᠡᠭᠬᠦᠨ ᠬᠦᠢᠯᠬᠡᠬᠡᠨ ᠤ ᠬᠦᠴᠦᠨ ᠢ ᠨᠢᠭᠳᠠᠷᠠᠭᠤᠯᠵᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠬᠦᠨᠵᠡᠬᠡᠶᠢᠷᠡᠬᠦᠯᠵᠤ ᠪᠤᠢ
ᠨᠡᠶᠢᠲᠡᠯᠡᠭᠰᠡᠨ ᠴᠠᠭ᠄
2024/10/18
    ᠡᠨᠡ ᠵᠢᠯ ᠠᠴᠠ ᠨᠠᠭᠠᠰᠢ᠂ ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠮᠠᠯᠵᠢᠬᠤ ᠲᠠᠷᠢᠶᠠᠯᠠᠬᠤ ᠣᠷᠣᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠱᠠᠭᠠᠷᠳᠠᠯᠭ᠎ᠠ ᠶᠢ ᠦᠢᠯᠡᠳᠦᠯᠭᠡᠵᠢᠭᠦᠯᠤᠨ᠂ ᠮᠠᠯᠵᠢᠬᠤ ᠲᠠᠷᠢᠶᠠᠯᠠᠬᠤ ᠣᠷᠣᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠮᠡᠳᠡᠭᠡ ᠵᠠᠩᠭᠢ ᠶᠢᠨ ᠬᠦᠢᠯᠬᠡᠬᠡᠨ︾᠂ ︽ᠪᠠᠯᠠ ᠮᠥᠩᠭᠦ ᠶᠢᠨ ᠬᠦᠢᠯᠬᠡᠬᠡᠨ︾᠂ ︽ᠲᠥᠷᠥ ᠶᠢᠨ ᠪᠣᠳᠣᠯᠭ᠎ᠠ ᠶᠢᠨ ᠬᠦᠢᠯᠬᠡᠬᠡᠨ︾ ᠢ ᠥᠨᠳᠥᠷ ᠪᠦᠲᠦᠮᠵᠢᠲᠡᠶ ᠪᠠᠷ ᠬᠤᠯᠪᠣᠯᠳᠤᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠠᠶᠢᠨ᠎ᠡ᠃    ︽ᠮᠡᠳᠡᠭᠡ ᠵᠠᠩᠭᠢ ᠶᠢᠨ ᠬᠦᠢᠯᠬᠡᠬᠡᠨ︾ ᠢ ᠨᠡᠪᠲᠡᠷᠡᠭᠦᠯᠵᠦ᠂ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠮᠠᠯᠵᠢᠬᠤ ᠲᠠᠷᠢᠶᠠᠯᠠᠬᠤ ᠡᠷᠦᠬᠡ᠂ ᠰᠢᠨ᠎ᠡ ᠬᠡᠯᠪᠡᠷᠢ ᠶᠢᠨ ᠮᠠᠯ ᠠᠵᠤ ᠠᠬᠤᠶ ᠳᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠭᠠᠵᠠᠷ ᠰᠢᠷᠣᠶ ᠶᠢᠨ ᠮᠡᠳᠡᠭᠡ ᠵᠠᠩᠭᠢ᠂ ᠲᠠᠷᠢᠶᠠᠯᠠᠩ ᠤᠨ ᠳᠠᠭᠠᠳᠬᠠᠯ᠂ ᠡᠳ᠋ ᠤᠨ ᠵᠠᠰᠠᠭ ᠤᠨ ᠱᠠᠩᠨᠠᠯ ᠨᠥᠬᠦᠪᠥᠷᠢ ᠵᠡᠷᠭᠡ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠤᠭᠯᠠᠭᠤᠯᠪᠠ᠃ ᠦᠨᠡᠨᠴᠢ ᠢᠲᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠳᠤ ᠲᠦᠰᠢᠭᠯᠡᠨ ᠵᠢᠱᠢᠶ᠎ᠡ ᠦᠵᠡᠭᠦᠯᠬᠦ ᠰᠢᠨ᠎ᠡ ᠬᠡᠯᠪᠡᠷᠢ ᠶᠢᠨ ᠮᠠᠯ ᠠᠵᠤ ᠠᠬᠤᠶ ᠳᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠪᠠ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠤᠷᠤᠨ 385.2 ᠲᠦᠮᠡᠨ ᠮᠠᠯᠵᠢᠬᠤ ᠲᠠᠷᠢᠶᠠᠯᠠᠬᠤ ᠡᠷᠦᠬᠡ᠂ 10 ᠲᠦᠮᠡ ᠭᠠᠷᠤᠶ ᠰᠢᠨ᠎ᠡ ᠬᠡᠯᠪᠡᠷᠢ ᠶᠢᠨ ᠮᠠᠯ ᠠᠵᠤ ᠠᠬᠤᠶ ᠳᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠳᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠢᠲᠡᠭᠡᠮᠵᠢ ᠶᠢ ᠦᠨᠡᠯᠡᠨ ᠲᠤᠭᠳᠠᠭᠠᠪᠠ᠃    ︽ᠪᠡᠯᠡ ᠮᠥᠩᠭᠦᠨ ᠤ ᠬᠦᠢᠯᠬᠡᠬᠡᠨ︾ ᠢ ᠨᠢᠭᠳᠠᠷᠠᠭᠤᠯᠵᠤ᠂ ᠲᠠᠷᠢᠶᠠᠯᠠᠩ ᠳᠤ ᠬᠤᠯᠪᠤᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ᠂ ᠮᠠᠯᠵᠢᠬᠤ ᠲᠠᠷᠢᠶᠠᠯᠠᠬᠤ ᠡᠷᠦᠬᠡ ᠶᠢᠨ ᠲᠠᠩᠰᠠ ᠡᠪᠬᠡᠮᠡᠯ ᠪᠠᠶᠢᠭᠤᠯᠤᠨ ᠲᠠᠰ ᠲᠣᠭᠲᠠᠭᠠᠭᠰᠠᠨ ᠦᠷ᠎ᠡ ᠳ᠋ᠦᠩ ᠪᠠ ᠢᠳᠡᠬᠡᠮᠵᠢᠳᠤ ᠡᠷᠦᠬᠡ᠂ ᠢᠲᠡᠭᠡᠮᠵᠢᠲᠦ ᠲᠣᠰᠬᠤᠨ᠂ ᠢᠲᠡᠭᠡᠮᠵᠢᠲᠦ ᠰᠢᠶᠠᠩ ᠪᠠᠯᠭᠠᠰᠤ ᠶᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠢᠳᠡᠪᠬᠢᠲᠡᠶ ᠥᠷᠭᠡᠳᠭᠡᠨ ᠭᠦᠢᠴᠡᠳ ᠰᠠᠶᠢᠲᠤᠷ ᠠᠰᠢᠬᠯᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠡᠭᠡᠭᠰᠢᠯᠡᠬᠦᠯᠪᠡ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠤᠷᠤᠨ 160 ᠲᠦᠮᠡ ᠰᠢᠬᠠᠮ ᠢᠳᠡᠬᠡᠮᠵᠢᠳᠤ ᠡᠷᠦᠬᠡ᠂ 5000 ᠰᠢᠬᠠᠮ ᠢᠳᠡᠬᠡᠮᠵᠢᠳᠤ ᠲᠣᠰᠬᠤᠨ᠂ 280 ᠭᠠᠷᠤᠶ ᠢᠳᠡᠬᠡᠮᠵᠢᠳᠤ ᠰᠢᠶᠠᠩ ᠪᠠᠯᠭᠠᠰᠤ ᠶᠢ ᠦᠨᠡᠯᠡᠨ ᠲᠣᠭᠲᠠᠭᠠᠵᠤ᠂ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠦᠨᠡᠨᠴᠢ ᠢᠳᠡᠬᠡᠮᠵᠢ ᠶᠢᠨ ᠲᠠᠩᠰᠠ ᠡᠪᠬᠡᠮᠡᠯ ᠪᠠᠶᠢᠭᠤᠯᠤᠭᠰᠠᠨ 88.6 ᠲᠦᠮᠡᠨ ᠮᠠᠯᠵᠢᠬᠤ ᠲᠠᠷᠢᠶᠠᠯᠠᠬᠤ ᠡᠷᠦᠬᠡ᠂ 9.1 ᠲᠦᠮᠡᠨ ᠰᠢᠨ᠎ᠡ ᠬᠡᠯᠪᠡᠷᠢ ᠶᠢᠨ ᠮᠠᠯ ᠠᠵᠤ ᠠᠬᠤᠶ ᠳᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠳᠤ ᠵᠢᠭᠡᠯᠡᠯᠭᠡ ᠲᠠᠯᠪᠢᠵᠤ᠂ ᠦᠯᠡᠳᠡᠪᠦᠷᠢ ᠨᠢ ᠲᠣᠰ ᠲᠣᠰ 1578.3 ᠳ᠋ᠦᠩᠰᠢᠭᠤᠷ ᠲᠥᠭᠦᠷᠢᠭ᠂ 195.6 ᠳ᠋ᠦᠩᠰᠢᠭᠤᠷ ᠲᠥᠭᠦᠷᠢᠭ ᠪᠤᠯᠪᠠ᠃    ︽ᠲᠥᠷᠥ ᠶᠢᠨ ᠪᠣᠳᠣᠯᠭ᠎ᠠ ᠶᠢᠨ ᠬᠦᠢᠯᠬᠡᠬᠡᠨ︾ ᠢ ᠰᠢᠯᠤᠭᠤᠳᠬᠠᠵᠤ᠂ ᠠᠷᠠᠳ ᠤᠨ ᠪᠠᠩᠬᠢ ᠶᠢᠨ ᠲᠠᠷᠢᠶᠠᠯᠠᠩ ᠢ ᠳᠡᠮᠵᠢᠬᠦ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠪᠠᠳᠠᠷᠠᠭᠤᠯᠵᠤ᠂ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠲᠡᠭᠡᠮᠵᠢ ᠶᠢᠨ ᠵᠢᠱᠢᠶ᠎ᠡ ᠦᠵᠡᠭᠦᠯᠬᠦ ᠡᠷᠦᠬᠡ ᠳᠤ ᠵᠢᠭᠡᠯᠡᠯᠭᠡ ᠶᠢᠨ ᠤᠶᠢᠯᠡᠳᠬᠦᠨ ᠢ ᠰᠢᠨᠡᠴᠢᠯᠡᠬᠦ ᠶᠢ ᠬᠦᠳᠦᠯᠦᠨ ᠵᠢᠯᠤᠭᠤᠳᠴᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠳᠤ ᠭᠦᠨᠵᠡᠭᠡᠢ ᠣᠷᠣᠯᠴᠠᠬᠤ ᠶᠢ ᠲᠡᠮᠵᠢᠵᠡᠢ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠮᠥᠩᠭᠦᠨ ᠭᠦᠢᠯᠭᠡᠭᠡᠨ ᠤ ᠵᠢᠭᠠᠨ ᠵᠢᠯᠣᠭᠤᠳᠣᠭᠴᠢ ᠪᠠ ᠮᠥᠩᠭᠦᠨ ᠭᠦᠢᠯᠭᠡᠭᠡᠨ ᠤ ᠲᠤᠤᠷᠵᠢᠯ ᠤᠨ ᠠᠵᠢᠯᠲᠠᠨ ᠢ 1.2 ᠲᠦᠮᠡᠨ ᠬᠥᠮᠦᠨ ᠤᠷᠢᠨ ᠲᠣᠮᠢᠯᠠᠵᠤ᠂ 5000 ᠰᠢᠬᠠᠮ ᠮᠥᠩᠭᠦᠨ ᠭᠦᠢᠯᠭᠡᠭᠡᠨ ᠤ ᠲᠤᠰᠠᠯᠠᠭᠴᠢ ᠪᠠ ᠮᠥᠩᠭᠦᠨ ᠭᠦᠢᠯᠭᠡᠭᠡᠨ ᠤ ᠲᠣᠰᠬᠤᠨ ᠤ ᠳᠠᠷᠤᠭ᠎ᠠ ᠶᠢ ᠲᠣᠮᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号