2024 ᠣᠨ ᠤ ᠭᠤᠷᠪᠠᠳᠤᠭᠠᠷ ᠤᠯᠠᠷᠢᠯ ᠤᠨ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠵᠢᠴᠢ    ︽ᠬᠤᠶᠠᠷ ᠶᠡᠭᠡ ᠶᠠᠪᠤᠳᠠᠯ︾ ︽ᠵᠢᠷᠭᠤᠭᠠᠨ ᠢᠨᠵᠧᠨᠧᠷᠢᠩ︾ ᠢ ᠪᠡᠶᠡᠯᠡᠬᠦᠯᠬᠦ ᠶᠢ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/21
    10 ᠰᠠᠷ᠎ᠠ ᠶᠢᠨ 17 ᠤ ᠡᠳᠦᠷ᠂ ᠪᠥᠬᠦ ᠠᠶᠢᠮᠠᠭ ᠤᠨ ᠭᠤᠷᠪᠠᠳᠤᠭᠠᠷ ᠤᠯᠠᠷᠢᠯ ᠤᠨ ᠭᠤᠤᠯᠳᠠᠯᠭ᠎ᠠ ᠲᠠᠢ ᠠᠵᠢᠯ ᠵᠢᠴᠢ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠢ ᠪᠡᠶᠡᠯᠡᠬᠦᠯᠬᠦ ᠶᠢ ᠳᠣᠭᠢᠷᠠᠭᠤᠯᠤᠨ ᠠᠬᠢᠭᠤᠯᠬᠤ ᠬᠤᠷᠠᠯ ᠡᠵᠡᠨ᠎ᠡ ᠬᠤᠰᠢᠭᠤᠨ ᠳᠤ ᠬᠤᠷᠠᠯᠳᠤᠵᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠠᠵᠤ ᠠᠬᠤᠶ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠥᠷᠪᠡᠳᠦᠭᠡᠷ ᠤᠯᠠᠷᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠨ ᠠᠬᠢᠭᠤᠯᠵᠤ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠵᠣᠷᠢᠭ ᠰᠠᠨᠠᠭ᠎ᠠ ᠪᠠᠨ ᠬᠥᠪᠴᠢᠯᠡᠵᠦ᠂ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠬᠦᠯᠬᠦ ᠶᠢ ᠳᠠᠶᠢᠴᠢᠯᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠬᠠᠶ ᠢᠦᠶ ᠬᠤᠷᠠᠯ ᠢ ᠡᠷᠭᠢᠯᠡᠪᠡ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠬᠤᠷᠠᠯ ᠳᠤ ᠣᠷᠣᠯᠴᠠᠪᠠ᠃
1.jpg
     ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ ᠪᠥᠬᠦ ᠠᠶᠢᠮᠠᠭ ᠤᠨ ᠲᠦᠷᠦᠭᠦᠤ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠵᠢᠴᠢ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠮᠡᠳᠡᠭᠳᠡᠵᠦ᠂ ᠡᠯ᠎ᠡ ᠬᠤᠰᠢᠭᠤ ᠣᠷᠣᠨ ᠪᠣᠯᠤᠨ 4 ᠰᠠᠯᠠᠭ᠎ᠠ ᠮᠥᠴᠢᠷ ᠤᠨ ᠬᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠪᠠᠶ ᠬᠠᠶ ᠯᠢᠨ᠂ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠦᠷᠦᠭᠦᠤ ᠭᠤᠷᠪᠠᠨ ᠤᠯᠠᠷᠢᠯ ᠳᠤ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ ᠮᠠᠰᠢ ᠰᠠᠶᠢᠨ ᠪᠠᠶᠢᠵᠤ᠂ ᠭᠤᠤᠯᠳᠠᠯᠭ᠎ᠠ ᠲᠠᠢ ᠠᠵᠢᠯ ᠯᠠᠪᠳᠠᠭᠤᠨ ᠪᠠᠲᠤᠲᠠᠶ ᠠᠭᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠪᠠ᠃ ᠡᠭᠦᠨ ᠤ ᠬᠠᠮᠲᠤ᠂ ᠤᠯᠠᠨ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠤᠯᠵᠤ᠂ ᠠᠵᠤ ᠠᠬᠤᠢ ᠶᠢᠨ ᠠᠵᠢᠯᠯᠠᠭᠠᠨ ᠪᠠᠭᠤᠷᠠᠬᠤ ᠳᠠᠷᠤᠯᠲᠠ ᠳᠤ ᠲᠤᠯᠭᠠᠷᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠰᠠ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠬᠤ ᠴᠢᠬᠤᠯᠠᠲᠠᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠪᠣᠯᠤᠨ ᠪᠦᠬᠦ ᠠᠶᠢᠮᠠᠭ ᠤᠨ ᠭᠤᠣᠯᠳᠠᠯᠭ᠎ᠠ ᠲᠠᠢ ᠠᠵᠢᠯ ᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠢ ᠰᠦᠷᠦᠨ ᠤᠷᠤᠭᠰᠢᠯᠠᠬᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠴᠤᠭ ᠰᠦᠯᠳᠡ ᠶᠢ ᠪᠦᠬᠦ ᠲᠠᠯ᠎ᠠ ᠪᠠᠷ ᠪᠠᠳᠠᠷᠠᠭᠤᠯᠵᠤ᠂ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠳᠬᠤᠵᠤ᠂ ᠳᠥᠷᠪᠡᠳᠦᠭᠡᠷ ᠤᠯᠠᠷᠢᠯ ᠤᠨ ᠰᠢᠢᠳᠪᠦᠷᠢᠲᠦ ᠢᠯᠠᠯᠲᠠ ᠶᠢ ᠤᠯᠬᠤ ᠬᠡᠷᠡᠭᠲᠡᠢ ᠬᠡᠪᠡ᠃
2.jpg
        ᠪᠠᠶ ᠬᠠᠶ ᠯᠢᠨ᠂ ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠪᠣᠯ ᠬᠠᠲᠠᠭᠤ ᠪᠠᠷᠢᠮᠵᠢᠶ᠎ᠠ ᠮᠥᠨ᠂ ᠵᠢᠯ ᠤᠨ ᠡᠬᠢᠨ ᠤ ᠬᠠᠷᠠᠯᠲᠠ ᠪᠠᠨ ᠲᠣᠭᠲᠠᠭᠠᠵᠤ᠂ ᠣᠷᠬᠢᠭᠳᠠᠯ ᠢ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠰᠢᠨ᠎ᠡ ᠡᠨᠧᠷᠭᠢ ᠶᠢᠨ ᠠᠵᠤ ᠦᠢᠯᠡᠰ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠣᠷᠢᠵᠢᠭᠤᠯᠬᠤ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠰᠠᠶᠢᠲᠤᠷ ᠠᠳᠬᠤᠵᠤ᠂ ︽ᠳᠤᠯᠠᠭᠠᠨ ᠢᠨᠵᠧᠨᠧᠷᠢᠩ︾ ᠪᠠ ᠠᠷᠠᠳ ᠣᠯᠠᠨ ᠳᠤ ᠠᠮᠠᠯᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠯᠢᠭ ᠬᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠴᠢᠩᠭ᠎ᠠ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠠᠬᠢᠭᠤᠯᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠪᠠ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠯᠠᠱᠠ ᠶᠢᠨ ᠶᠠᠪᠤᠳᠠᠯ ᠢ ᠡᠷᠡᠰ ᠬᠦᠴᠦᠲᠡᠶ ᠰᠠᠶᠢᠲᠤᠷ ᠬᠢᠬᠦ ᠬᠡᠷᠡᠭᠲᠡᠶ᠃ ᠥᠭᠡᠷᠡᠴᠢᠯᠡᠯᠲᠡ ᠶᠢᠨ ᠠᠵᠢᠯ ᠢ ᠲᠦᠷᠭᠡᠨ ᠲᠥᠯᠥᠪᠵᠢᠭᠦᠯᠦᠨ ᠠᠬᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠵᠤ᠂ ᠱᠠᠯᠠᠪᠳᠠᠨ ᠬᠥᠳᠡᠯᠦᠯᠴᠡᠵᠦ᠂ ᠭᠤᠣᠯ ᠰᠢᠵᠢᠮ᠂ ᠠᠵᠤ ᠠᠬᠤᠢ ᠶᠢᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠲᠣᠭᠲᠠᠴᠠ ᠪᠠᠶᠢᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ ᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠨ ᠨᠠᠶᠢᠳᠠᠪᠤᠷᠢᠵᠢᠭᠤᠯᠵᠤ ᠂ ᠡᠷᠲᠡᠬᠡᠨ ᠦᠷ᠎ᠡ ᠪᠦᠲᠦᠭᠡᠯ ᠭᠠᠷᠭᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠢᠷᠡᠬᠦ ᠵᠢᠯ ᠤᠨ ᠠᠵᠢᠯ ᠢᠶᠠᠨ ᠱᠠᠯᠠᠪᠳᠠᠨ ᠲᠥᠯᠥᠪᠵᠢᠭᠦᠯᠵᠦ᠂ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠂ ᠤᠷᠢᠳᠠᠴᠢ ᠴᠢᠨᠠᠷᠲᠠᠢ ᠰᠤᠳᠤᠯᠭᠠᠨ ᠤ ᠲᠥᠯᠥᠪᠵᠢᠭᠦᠯᠭᠡ ᠶᠢ ᠴᠢᠩᠭᠠᠳᠬᠠᠵᠤ᠂ ᠨᠠᠷᠢᠯᠢᠭ ᠪᠤᠳᠤᠬᠤ ᠤᠬᠠᠮᠰᠠᠷ ᠢ ᠪᠠᠲᠤ ᠪᠤᠢ ᠪᠣᠯᠭᠠᠵᠤ᠂ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠵᠣᠬᠢᠰᠲᠠᠢ ᠲᠣᠭᠲᠠᠭᠠᠵᠤ᠂ ᠲᠦᠷᠦᠯ ᠵᠦᠢᠯ ᠤᠨ ᠬᠡᠪᠴᠢᠶ᠎ᠡ ᠶᠢ ᠱᠠᠯᠠᠪᠳᠠᠨ ᠲᠥᠯᠥᠪᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠣᠭᠲᠠᠭᠠᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠳᠤ ᠰᠠᠭᠤᠷᠢ ᠲᠠᠯᠪᠢᠬᠤ ᠬᠡᠷᠡᠭᠲᠡᠢ ᠬᠡᠵᠦ ᠴᠢᠬᠤᠯᠠᠴᠢᠯᠠᠪᠠ᠃
3.jpg
    ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠠᠯᠠᠱᠠ ᠪᠠᠷᠠᠭᠤᠨ ᠬᠤᠰᠢᠭᠤᠨ ᠤ ᠪᠥᠸᠧ ᠶᠤᠸᠠᠨ ᠪᠠᠶᠢᠭᠠᠯᠢ ᠶᠢᠨ ᠬᠤᠵᠢᠷ᠂ ᠴᠡᠭᠡ ᠪᠣᠭᠤᠮᠲᠠ ᠪᠠᠷ ᠥᠩᠭᠡᠷᠡᠬᠦ ᠪᠠᠷᠠᠭ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠡᠵᠡᠨ᠎ᠡ ᠬᠤᠰᠢᠭᠤᠨ ᠤ ᠬᠤᠳᠠᠯᠳᠤᠭ᠎ᠠ ᠳᠤ ᠵᠣᠷᠢᠭᠤᠯᠣᠭᠰᠠᠨ ᠰᠠᠨᠰᠠᠷ ᠠᠶᠠᠯᠠᠯ᠂ ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠵᠠᠰᠠᠯᠲᠠ ᠵᠢᠴᠢ ᠬᠤᠶᠠᠷ ᠶᠡᠭᠡ ᠰᠠᠭᠤᠷᠢᠨ ᠭᠠᠵᠠᠷ ᠲᠤ ᠦᠢᠯᠡᠴᠢᠯᠡᠵᠦ ᠳᠡᠬᠦᠨ ᠢ ᠪᠠᠳᠣᠯᠠᠬᠤ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠲᠣᠭᠤᠷᠢᠨ ᠦᠵᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号