ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰᠵᠢᠭᠰᠡᠨ ᠲᠥᠷᠥᠯ ᠲᠡᠮᠲᠡᠭᠵᠢᠭᠰᠡᠨ ᠬᠥᠭᠵᠢᠯᠲᠡ ᠶᠢ ᠡᠷᠴᠢᠮᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/21
    ᠮᠠᠨ ᠤ ᠤᠷᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠠᠵᠤ ᠦᠢᠯᠡᠰᠵᠢᠭᠰᠡᠨ ᠲᠥᠷᠥᠯ ᠲᠡᠮᠲᠡᠭᠵᠢᠭᠰᠡᠨ ᠬᠦᠭᠵᠢᠯᠲᠡ ᠶᠢ ᠡᠷᠴᠢᠮᠲᠡᠢ ᠠᠬᠢᠭᠤᠯᠵᠤ᠂ ᠨᠡᠮᠡᠯᠲᠡ ᠦᠷᠲᠡᠭ ᠪᠠ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠨᠡᠷ᠎ᠡ ᠠᠯᠳᠠᠷᠰᠢᠯ ᠪᠠ ᠨᠦᠯᠦᠬᠡᠯᠡᠬᠦ ᠬᠦᠴᠦᠨ ᠢ ᠦᠷᠭᠡᠳᠬᠡᠵᠦ ᠪᠠᠶᠢᠨ᠎ᠠ᠃    ᠮᠠᠨ ᠤ ᠤᠷᠤᠨ 7 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠥᠨᠳᠥᠷ ᠨᠡᠮᠡᠯᠲᠡ ᠥᠷᠲᠡᠭ ᠪᠦᠬᠦᠢ ᠪᠦᠳᠦᠬᠡᠭᠳᠡᠬᠦᠨ ᠪᠤᠯᠤᠨ ᠳᠠᠭᠠᠯᠲᠠ ᠪᠦᠳᠦᠬᠡᠭᠳᠡᠬᠦᠨ ᠢ ᠪᠣᠯᠪᠠᠰᠤᠷᠠᠭᠤᠯᠤᠨ ᠠᠰᠢᠭᠯᠠᠬᠤ ᠲᠤᠭᠤᠷᠢᠨ ᠳᠤ 124 ᠭᠤᠣᠯᠳᠠᠯᠭ᠎ᠠ ᠲᠠᠢ ᠲᠥᠷᠥᠯ ᠵᠦᠢᠯ ᠢ ᠣᠷᠣᠭᠤᠯᠤᠨ ᠠᠪᠴᠢᠷᠠᠵᠤ᠂ 1 ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ᠂ 2 ᠠᠵᠤ ᠦᠢᠯᠡᠰ ᠤᠨ ᠬᠦᠷᠢᠶᠡᠯᠡᠩ ᠲᠤᠭᠤᠷᠢᠭ᠂ 8 ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠰᠢᠨ᠎ᠡ ᠪᠠᠷ ᠪᠠᠶᠢᠭᠤᠯᠵᠠᠢ︔ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠠ ᠪᠦᠳᠦᠬᠡᠯ ᠢ ᠪᠠᠳᠤᠳᠬᠠᠨ ᠦᠷᠬᠡᠳᠬᠡᠬᠦ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠦᠮᠵᠢᠳᠠᠢ ᠵᠤᠯᠭᠠᠭᠤᠯᠬᠤ ᠪᠠᠯᠠ ᠮᠥᠩᠭᠦ ᠪᠤᠯᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢᠨ 70% ᠭᠠᠷᠤᠢ ᠶᠢ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠬᠦᠭᠵᠢᠬᠦᠯᠬᠦ ᠳᠤ ᠬᠡᠷᠡᠭᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠥᠷᠭᠡᠳᠭᠡᠬᠦ ᠳᠤ ᠴᠢᠩᠭ᠎ᠠ ᠬᠦᠴᠦᠲᠡᠶ ᠪᠠᠯᠠ ᠮᠥᠩᠭᠦ ᠶᠢᠨ ᠳᠡᠮᠵᠢᠯᠭᠡ ᠬᠠᠩᠭᠠᠪᠠ᠃    ᠥᠪᠡᠷᠲᠡᠭᠡᠨ ᠵᠠᠰᠠᠬᠤ ᠣᠷᠣᠨ ᠠᠴᠠ ᠠᠯᠢ ᠣᠯᠠᠨ ᠲᠡᠳᠬᠦᠨ ᠲᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠬᠦᠯᠵᠤ᠂ ᠪᠡᠯᠡᠨ ᠵᠠᠭᠤᠰᠢ ᠶᠢᠨ 30 ᠰᠢᠯᠢᠳᠡᠭ ᠠᠵᠤ ᠠᠬᠤᠶᠢᠯᠠᠯ᠂ ᠬᠤᠨᠢᠨ ᠠᠷᠠᠰᠤ ᠶᠢ ᠢᠳᠡᠭᠡᠨ ᠪᠤᠯᠭᠠᠨ ᠪᠤᠯᠪᠠᠰᠤᠷᠠᠭᠤᠯᠬᠤ ᠲᠤᠷᠰᠢᠯᠲᠠ ᠶᠢᠨ ᠴᠡᠭ ᠤᠨ 4 ᠠᠵᠤ ᠠᠬᠤᠶᠢᠯᠠᠯ ᠤᠨ ᠬᠥᠭᠵᠢᠯᠲᠡ ᠶᠢ ᠲᠠᠮᠵᠢᠵᠤ᠂ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠢᠶᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠳᠡᠮᠵᠢᠵᠦ ᠴᠠᠭᠠᠨ ᠢᠳᠡᠭᠡᠨ ᠢ ᠨᠠᠷᠢᠯᠢᠭ ᠪᠤᠯᠪᠠᠰᠤᠷᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ ᠤᠳᠤ ᠪᠦᠬᠦ ᠣᠷᠣᠨ ᠳᠤ ᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠨᠢ 2000 ᠲᠦᠮᠡᠨ ᠲᠥᠭᠦᠷᠢᠭ ᠢ ᠳᠠᠪᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠪᠤᠯᠪᠠᠰᠤᠷᠠᠭᠤᠯᠬᠤ 1214 ᠠᠵᠤ ᠠᠬᠤᠶᠢᠯᠠᠯ ᠲᠠᠢ ᠪᠠᠶᠢᠵᠤ᠂ ᠭᠤᠣᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠤᠨ ᠤᠨᠳᠤᠤᠰᠢᠭᠤᠯᠬᠤ ᠨᠣᠷᠮ᠎ᠠ 72.3% ᠳᠤ ᠬᠦᠷᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠥᠷᠲᠡᠭ ᠤᠨ ᠨᠡᠮᠡᠭᠳᠡᠯ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠳᠤ ᠰᠢᠨ᠎ᠡ ᠠᠷᠭ᠎ᠠ ᠵᠠᠮ ᠤᠯᠭᠤᠭᠰᠠᠨ ᠪᠠᠶᠢᠨ᠎ᠠ᠃    ᠮᠠᠨ ᠤ ᠤᠷᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠲᠦᠷᠦᠯ ᠲᠡᠮᠲᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠦᠷᠬᠡᠳᠬᠡᠨ ᠴᠢᠨᠠᠷ ᠰᠠᠶᠢᠲᠠᠶ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠡᠵᠡᠩᠨᠡᠨ ᠪᠣᠷᠣᠯᠠᠭᠤᠯᠬᠤ 6 ᠲᠥᠪ ᠲᠤ ᠰᠢᠨ᠎ᠡ ᠪᠠᠷ ᠫᠠᠶᠢᠰᠠ ᠡᠯᠭᠦᠵᠤ᠂ ᠤᠳᠤ ᠪᠦᠬᠦ ᠤᠷᠤᠨ ᠳᠤ 65 ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠲᠡᠭ ᠤᠨ ᠠᠵᠤ ᠠᠬᠤᠶᠢᠯᠠᠯ ᠲᠠᠢ ᠪᠣᠯᠪᠠ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠲᠠᠢ ᠭᠡᠷ᠎ᠡ ᠲᠣᠭᠲᠠᠨ ᠪᠣᠷᠣᠯᠠᠭᠤᠯᠤᠭᠰᠠᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ᠬᠡᠮᠵᠢᠶ᠎ᠠ 8000 ᠲᠦᠮᠡᠨ ᠲᠥᠭᠦᠷᠢᠭ ᠢ ᠳᠠᠪᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠪᠣᠷᠣᠯᠠᠭᠤᠯᠭ᠎ᠠ ᠶᠢ ᠳᠠᠬᠢᠨ ᠢᠶᠠᠷ ᠨᠡᠮᠡᠭᠳᠡᠬᠦᠯᠬᠦ ᠲᠥᠯᠥᠪᠯᠡᠭᠡ ᠪᠠᠷ ᠲᠠᠮᠵᠢᠨ ᠪᠤᠷᠤᠯᠠᠭᠤᠯᠤᠭᠰᠠᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ᠬᠡᠮᠵᠢᠶ᠎ᠠ 232 ᠳ᠋ᠦᠩᠰᠢᠭᠤᠷ ᠲᠥᠭᠦᠷᠢᠭ ᠬᠦᠷᠴᠦ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠳᠠᠬᠢᠨ ᠰᠢᠬᠠᠮ ᠨᠡᠮᠡᠭᠳᠡᠵᠠᠢ᠃    ᠮᠠᠨ ᠤ ᠣᠷᠣᠨ ᠪᠠᠰᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠵᠠᠷ ᠣᠷᠣᠨ ᠤ ᠪᠤᠳᠠᠳᠤ ᠪᠠᠶᠢᠳᠠᠯ ᠳᠤ ᠲᠤᠬᠢᠷᠠᠭᠤᠯᠤᠨ 75 ᠲᠦᠮᠡᠨ ᠡᠷᠦᠬᠡ ᠶᠢᠨ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠬᠦᠷᠢᠶ᠎ᠠ ᠬᠠᠰᠢᠶᠠᠨ ᠤ ᠠᠵᠤ ᠠᠬᠤᠢ ᠶᠢᠨ 20 ᠰᠤᠮᠤ ᠰᠢᠶᠠᠩ ᠪᠠᠯᠭᠠᠰᠤ ᠪᠤᠯᠤᠨ 200 ᠭᠠᠴᠠᠭ᠎ᠠ ᠲᠣᠰᠬᠤᠨ ᠢ ᠭᠤᠣᠯᠳᠠᠯᠭ᠎ᠠ ᠲᠠᠢ ᠪᠠᠶᠢᠭᠤᠯᠵᠤ᠂ 1.5 ᠲᠦᠮᠡᠨ ᠡᠷᠦᠬᠡ ᠶᠢᠨ ᠬᠦᠷᠢᠶ᠎ᠡ ᠬᠠᠰᠢᠶᠠᠨ ᠤ ᠣᠨᠴᠠᠯᠢᠭᠲᠤ ᠠᠵᠤ ᠦᠢᠯᠡᠰ ᠢ ᠬᠦᠭᠵᠢᠭᠦᠯᠬᠦ ᠶᠢ ᠳᠠᠶᠢᠴᠢᠯᠠᠪᠠ᠃ ᠡᠭᠦᠨ ᠤ ᠬᠠᠮᠲᠤ ᠮᠠᠯ ᠠᠵᠤ ᠠᠬᠤᠢ ᠲᠠᠷᠢᠶᠠᠯᠠᠩ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠪᠦᠬᠦ ᠤᠯᠤᠰ ᠤᠨ ᠵᠤᠭ᠎ᠠ ᠰᠡᠯᠡᠭᠦᠴᠡᠯ ᠤᠨ ᠮᠠᠯ ᠠᠵᠤ ᠠᠬᠤᠢ ᠲᠠᠷᠢᠶᠠᠯᠠᠩ ᠤᠨ 6 ᠭᠤᠣᠯᠳᠠᠯᠭ᠎ᠠ ᠲᠠᠢ ᠰᠢᠶᠠᠨ᠂ ᠮᠠᠯ ᠠᠵᠤ ᠠᠬᠤᠢ ᠲᠠᠷᠢᠶᠠᠯᠠᠩ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ 30 ᠵᠢᠱᠢᠶ᠎ᠡ ᠦᠵᠡᠭᠦᠯᠬᠦ ᠲᠣᠰᠬᠤᠨ ᠪᠠᠯᠭᠠᠰᠤ᠂ 58 ︽ᠳᠤᠮᠳᠠᠳᠤ ᠤᠯᠤᠰ ᠤᠨ ᠦᠵᠡᠰᠭᠦᠯᠡᠩᠲᠦ ᠰᠠᠶᠢᠬᠠᠨ ᠵᠤᠭ᠎ᠠ ᠰᠡᠯᠡᠭᠦᠴᠡᠯ ᠤᠨ ᠬᠥᠳᠡᠭᠡ ᠲᠣᠰᠬᠤᠨ︾᠂ 42 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠠᠶᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号