ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/10/21
    10 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠹᠦᠵᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠠᠢ ᠲᠠᠢ ᠤᠶᠠᠯᠳᠤᠭᠤᠯᠤᠨ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠳᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠳᠠᠶᠢᠴᠢᠯᠠᠬᠤ ᠬᠡᠷᠡᠭᠳᠡᠢ᠃ ᠬᠤᠲᠠ ᠬᠥᠳᠡᠭᠡ ᠡᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠨ᠂ ᠣᠯᠠᠨ ᠲᠦᠮᠡᠨ ᠳᠤ ᠣᠶᠢᠷ᠎ᠠ ᠬᠠᠪᠢ ᠲᠤᠬᠠᠶ ᠶᠢᠨ ᠭᠠᠵᠠᠷ ᠲᠠᠭᠠᠨ ᠠᠵᠢᠯ ᠤᠯᠬᠤ ᠶᠢ ᠳᠠᠶᠢᠴᠢᠯᠠᠬᠤ ᠬᠡᠷᠡᠭᠳᠡᠢ᠃ ᠹᠦᠵᠢᠶᠠᠨ ᠮᠤᠵᠢ ᠶᠢᠨ ᠲᠤᠷᠰᠢᠯᠭ᠎ᠠ ᠠᠷᠭ᠎ᠠ ᠬᠢᠳᠡᠯ ᠢᠶᠠᠷ ᠲᠣᠯᠢ ᠪᠣᠯᠭᠠᠵᠤ᠂ ᠬᠠᠮᠲᠤ ᠶᠢᠨ ᠣᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠶ ᠰᠢᠭᠤᠶ ᠶᠢᠨ ᠢᠳᠡᠭᠡᠨ ᠤᠮᠳᠠᠭᠠᠨ᠂ ᠣᠶ ᠳᠣᠳᠣᠷᠠᠬᠢ ᠠᠵᠤ ᠠᠬᠤᠶ᠂ ᠠᠮᠢ ᠠᠬᠤᠶ ᠶᠢᠨ ᠵᠢᠭᠤᠯᠴᠢᠯᠠᠯ ᠢ ᠬᠥᠭᠵᠢᠭᠦᠯᠬᠦ ᠬᠡᠷᠡᠭᠳᠡᠢ᠃ ᠶᠠᠳᠠᠭᠤ ᠠᠴᠠ ᠠᠩᠭᠢᠵᠢᠷᠠᠭᠰᠠᠨ ᠭᠤᠣᠯᠳᠠᠯᠭ᠎ᠠ ᠲᠠᠢ ᠬᠥᠮᠦᠨ ᠠᠮᠠ ᠶᠢ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠣᠨᠴᠠᠭᠠᠢ ᠬᠦᠴᠢᠷᠳᠡᠯᠲᠡᠢ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠳᠡᠢ᠃ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠪᠦᠲᠦᠮᠵᠢ ᠶᠢᠨ ᠦᠵᠡᠯᠲᠡ ᠶᠢᠨ ᠬᠥᠮᠦᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠦ᠂ ᠠᠷᠠᠳ ᠲᠦᠮᠡᠨ ᠳᠤ ᠪᠣᠳᠠᠲᠠᠢ ᠠᠵᠢᠯ ᠢᠯᠡᠭᠦᠬᠡᠨ ᠬᠢᠵᠦ᠂ ᠪᠣᠳᠠᠲᠤ ᠶᠠᠪᠤᠳᠠᠯ ᠢ ᠢᠯᠡᠭᠦᠬᠡᠨ ᠬᠢᠬᠦ ᠪᠣᠯᠭᠠᠬᠤ ᠬᠡᠷᠡᠭᠳᠡᠢ᠃ ᠳᠥᠷᠪᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠠᠳᠬᠤᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃    ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ︽ᠤᠯᠤᠰ ᠢᠶᠠᠨ ᠬᠠᠶᠢᠷᠠᠯᠠᠬᠤ ᠦᠵᠡᠯ ᠤᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠥ᠂ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠤᠶ᠎ᠠ︾ ᠭᠡᠳᠡᠭ ᠢ ᠰᠤᠷᠤᠯᠴᠠᠵᠥ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠥ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠥ᠂ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠥ᠂ ᠨᠡᠶᠢᠳᠡᠴᠢ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢᠶᠠᠨ ᠴᠢᠩᠭᠠᠳᠬᠠᠵᠥ᠂ ᠪᠣᠳᠠᠲᠠᠶ ᠠᠵᠢᠯᠯᠠᠵᠤ ᠪᠣᠳᠠᠲᠤ ᠦᠷ᠎ᠡ ᠪᠦᠲᠦᠮᠵᠢ ᠭᠠᠷᠭᠠᠵᠤ ᠪᠠᠶᠢᠭᠠᠳ ᠤᠯᠤᠰ ᠢᠶᠠᠨ ᠬᠠᠶᠢᠷᠠᠯᠠᠬᠤ ᠰᠡᠳᠭᠢᠯᠭᠡ ᠪᠠᠨ ᠦᠢᠯᠡᠳᠦᠯᠭᠡᠵᠢᠭᠦᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠣᠯᠠᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠬᠰᠢᠯᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠷᠠᠳ ᠣᠯᠠᠨ ᠤ ᠨᠠᠮ ᠪᠠ ᠤᠯᠤᠰ ᠣᠷᠣᠨ ᠳᠠᠬᠢ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃    ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠣᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠣᠳᠬ᠎ᠠ ᠤᠷᠠᠯᠢᠭ ᠤᠨ ᠠᠵᠢᠯ ᠤᠨ ᠪᠥᠬᠦ ᠶᠠᠪᠤᠴᠠ ᠳᠤ ᠳᠣᠣᠱᠯᠠᠭᠤᠯᠵᠦ᠂ ᠥᠷᠭᠡᠨ ᠣᠯᠠᠨ ᠣᠳᠬ᠎ᠠ ᠤᠷᠠᠯᠢᠭ ᠤᠨ ᠠᠵᠢᠯᠲᠠᠳ ᠢ ᠬᠥᠲᠥᠯᠥᠨ ᠵᠢᠯᠣᠭᠤᠳᠴᠤ ᠪᠠᠶᠢᠭᠠᠳ ᠠᠷᠠᠳ ᠲᠦᠮᠡᠨ ᠢᠶᠠᠷ ᠭᠤᠤᠯ ᠪᠣᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠣᠯᠠᠨ ᠲᠦᠮᠡᠨ ᠳᠤ ᠡᠯᠪᠡᠭ ᠪᠠᠶᠠᠯᠢᠭ ᠣᠶᠤᠨ ᠤ ᠰᠣᠶᠣᠯ ᠤᠨ ᠠᠮᠢᠳᠤᠷᠠᠯ ᠢ ᠡᠳ᠋ᠯᠡᠭᠦᠯᠬᠦ ᠬᠡᠷᠡᠭᠲᠡᠶ᠃ ᠣᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠣᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ ᠣᠳᠬ᠎ᠠ ᠤᠷᠠᠯᠢᠭ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠥ᠂ ᠥᠪᠥᠷ ᠮᠣᠩᠭᠤᠯ ᠤᠨ ᠰᠣᠶᠣᠯ ᠤᠨ ᠷᠢᠳᠢ ᠰᠢᠳᠢ ᠪᠣᠯᠤᠨ ᠰᠠᠶᠢᠨ ᠰᠠᠶᠢᠬᠠᠨ ᠳᠦᠷᠢ ᠲᠥᠷᠬᠦ ᠶᠢ ᠨᠡᠩ ᠰᠠᠶᠢᠲᠤᠷ ᠢᠯᠡᠷᠡᠭᠦᠯᠬᠦ ᠶᠢ ᠵᠤᠷᠢᠬᠵᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ᠂ ᠪᠠᠶᠠᠷ ᠤᠨ ᠵᠠᠬᠢᠳᠠᠯ᠂ ᠪᠠᠶᠠᠷ ᠤᠨ ᠴᠠᠬᠢᠯᠭᠠᠨ ᠴᠢᠮᠡᠭᠡ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠳᠤ ᠦᠢᠯᠡᠴᠢᠯᠡᠬᠦ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠵᠠᠯᠠᠭᠤᠴᠤᠳ ᠤᠨ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠳᠡᠮᠵᠢᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号