ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/10/21
    10 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠦᠨ ᠤᠬᠠᠭᠠᠨ ᠰᠤᠳᠤᠯᠬᠤ ᠭᠠᠵᠠᠷ ᠤᠨ ᠳᠠᠷᠤᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠳᠤᠯᠬᠤ ᠲᠠᠰᠤᠭ ᠤᠨ ᠡᠷᠬᠢᠯᠡᠭᠴᠢ ᠵᠠᠩ ᡁᠢ ᠴᠢᠶᠠᠩ ᠤᠷᠢᠯᠭ᠎ᠠ ᠪᠠᠷ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠰᠣᠳᠣᠨ ᠴᠢᠬᠤᠯᠠ ᠠᠭᠤᠯᠭ᠎ᠠ︾ ᠭᠡᠬᠦ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠠ᠃    ᠰᠦᠨ ᠱᠤᠤ ᠴᠧᠩ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ᠂ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠮᠥᠨ᠃ ᠪᠢᠳᠡ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ︽ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠡᠨᠡ ᠬᠦ ᠴᠢᠬᠤᠯᠠ ᠦᠵᠡᠯ ᠰᠠᠨᠠᠭ᠎ᠠ ᠶᠢᠨ ᠮᠠᠨ ᠤ ᠣᠷᠣᠨ ᠳᠤ ᠨᠠᠩ ᠣᠯᠠᠨ ᠦᠷ᠎ᠡ ᠪᠦᠲᠦᠭᠡᠯ ᠤᠯᠬᠤ ᠶᠢ ᠠᠬᠢᠭᠤᠯᠵᠤ᠂ ᠰᠣᠶᠣᠯ ᠤᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠥᠨ ᠳᠠᠭᠠᠭᠤᠯᠬᠤ ᠬᠡᠷᠡᠭᠲᠡᠶ ᠬᠡᠵᠥ ᠬᠡᠯᠡᠪᠡ᠃    ᠰᠦᠨ ᠱᠤᠤ ᠴᠧᠩ᠂ ᠤᠨᠤᠯ ᠢᠶᠠᠷ ᠵᠡᠪᠰᠡᠭᠯᠡᠬᠦ ᠪᠠ ᠤᠨᠤᠯ ᠤᠨ ᠤᠬᠠᠭᠤᠯᠭ᠎ᠠ ᠶᠢ ᠪᠠᠶᠢᠩᠭᠤ ᠪᠦᠲᠦᠮᠵᠢᠲᠡᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠭᠢᠯ ᠢᠶᠠᠨ ᠨᠢᠭᠡᠳᠭᠡᠨ ᠰᠦᠭ ᠰᠦᠨᠡᠰᠦ ᠪᠠᠨ ᠱᠤᠭᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠠᠵᠢᠯ᠂ ᠰᠤᠷᠤᠯᠴᠠᠯᠭ᠎ᠠ᠂ ᠠᠮᠢᠳᠤᠷᠠᠯ ᠳᠤ ᠭᠦᠢᠴᠡᠳ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠤᠷᠮ᠎ᠠ ᠵᠤᠷᠢᠭ ᠢ ᠪᠠᠳᠠᠷᠠᠭᠤᠯᠵᠥ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ︽ᠵᠣᠪᠠᠭᠤᠷᠢ ᠵᠦᠳᠡᠭᠦᠷᠢ ᠶᠢ ᠲᠡᠰᠴᠤ ᠭᠠᠷᠪᠠᠰᠤ ᠡᠷᠬᠡᠪᠰᠢ ᠬᠦᠷᠳᠡᠮᠵᠢ ᠲᠠᠢ ᠪᠠᠶᠢᠯᠭᠠᠬᠤ︾ ᠠᠭᠤᠷ ᠠᠮᠢᠰᠬᠤᠯ ᠢ ᠪᠤᠢ ᠪᠣᠯᠭᠠᠵᠥ᠂ ︽ᠴᠤᠴᠠᠯᠳᠠ ᠦᠭᠡᠢ ᠤᠷᠤᠭᠰᠢᠯᠠᠪᠠᠰᠤ ᠪᠣᠭᠤᠮᠲᠠ ᠶᠢ ᠯᠠᠪ ᠲᠠᠪᠠᠵᠦ ᠴᠢᠳᠠᠬᠤ︾ ᠢᠲᠡᠭᠡᠯ ᠵᠣᠷᠢᠭ ᠢ ᠬᠦᠪᠴᠢᠯᠡᠵᠥ᠂ ︽ᠲᠤᠭᠳᠠᠭᠠᠬᠰᠠᠨ ᠬᠠᠷᠠᠯᠲᠠ ᠲᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠡᠷᠴᠢ ᠵᠣᠷᠢᠭ ᠢ ᠱᠤᠭᠤᠵᠥ᠂ ᠣᠷᠣᠨ ᠳᠠᠶᠠᠭᠠᠷ ᠲᠤ ᠬᠠᠷᠠᠯᠲᠠ ᠪᠣᠯᠤᠨ ᠦᠷ᠎ᠡ ᠪᠦᠲᠦᠮᠵᠢ ᠶᠢᠨ ᠬᠤᠭᠤᠷᠣᠨᠳᠣ ︽ᠠᠵᠢᠯᠯᠠᠬᠤ︾ ᠭᠡᠰᠡᠨ ᠦᠭᠡ ᠯᠡ ᠵᠠᠭᠠᠭᠯᠠᠭᠳᠠᠵᠤ ᠪᠠᠶᠢᠨ᠎ᠠ ᠬᠡᠳᠡᠭ ᠢ ᠰᠠᠶᠢᠳᠤᠷ ᠳᠠᠶᠢᠯᠪᠤᠷᠢᠯᠡᠨ ᠦᠭᠴᠤ᠂ ᠺᠠᠳ᠋ᠷ ᠤᠨ ᠳᠠᠪᠰᠢᠵᠤ ᠪᠠᠭᠤᠵᠤ ᠪᠦᠷ ᠪᠣᠯᠬᠤ ᠲᠥᠷᠥ ᠶᠢᠨ ᠪᠣᠳᠣᠯᠭ᠎ᠠ ᠶᠢ ᠨᠡᠪᠲᠡᠷᠡᠭᠦᠯᠵᠥ᠂ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠵᠤ ᠪᠠᠶᠢᠭ᠎ᠠ ᠬᠥᠮᠦᠨ ᠳᠤ ᠣᠯᠭᠤᠪᠠᠰᠤ ᠵᠣᠬᠢᠬᠤ ᠢᠷᠠᠭᠤ ᠠᠯᠳᠠᠷ ᠪᠠ ᠬᠠᠷᠠᠭᠠᠯᠵᠠᠯ ᠤᠯᠭᠤᠵᠥ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠠᠵᠢᠯᠯᠠᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠯᠠᠪᠳᠠᠭᠤᠨ ᠪᠠᠲᠤᠲᠠᠶ ᠪᠠᠷ ᠬᠥᠭᠵᠢᠭᠦᠯᠵᠥ᠂ ︽ᠳᠤᠮᠳᠠᠳᠤ ᠤᠯᠤᠰ ᠤᠨ ᠠᠵᠤ ᠠᠬᠤᠢ ᠶᠢᠨ ᠭᠡᠭᠡᠨ ᠰᠠᠴᠤᠷᠠᠩᠭᠤᠢ ᠤᠨᠤᠯ︾ ᠤᠨ ᠥᠪᠥᠷ ᠮᠣᠩᠭᠤᠯ ᠤᠨ ᠠᠶᠠᠰ ᠢ ᠴᠢᠪᠬᠠᠳᠠᠵᠥ᠂ ᠤᠯᠠᠨ ᠢᠶᠠᠷ ᠢᠶᠠᠨ ᠪᠦᠬᠦ ᠬᠦᠴᠦᠨ ᠴᠢᠳᠠᠯ ᠢᠶᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠵᠣᠷᠢᠭᠵᠢᠭᠤᠯᠬᠤ ᠬᠡᠷᠡᠭᠳᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠣᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠯᠢᠳᠡᠭ ᠣᠳᠬ᠎ᠠ ᠤᠷᠠᠯᠢᠭ ᠤᠨ ᠪᠦᠲᠦᠭᠡᠯ ᠢ ᠪᠦᠬᠦ ᠤᠯᠤᠰ ᠤᠨ ᠬᠡᠪᠴᠢᠶᠡᠨ ᠳᠤ ᠳᠡᠯᠭᠡᠨ ᠦᠵᠡᠭᠦᠯᠵᠦ ᠲᠣᠭᠯᠠᠬᠤ ᠶᠢ ᠴᠢᠩᠭᠠᠳᠬᠠᠵᠤ᠂ ᠥᠪᠥᠷ ᠮᠣᠩᠭᠤᠯ ᠤᠨ ᠰᠣᠶᠣᠯ ᠤᠨ ᠶᠡᠭᠡ ᠣᠷᠣᠨ ᠤ ᠨᠡᠷ᠎ᠡ ᠠᠯᠳᠠᠷ ᠢ ᠮᠠᠨᠳᠤᠭᠤᠯᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠰᠣᠶᠣᠯ ᠤᠨ ᠤᠬᠠᠭᠤᠯᠭ᠎ᠠ ᠪᠠ ᠰᠣᠯᠢᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠳᠠᠪᠠᠭᠤᠯᠢᠭ ᠢ ᠳᠡᠯᠡᠬᠡᠢ ᠳ᠋ᠠᠬᠢᠨ ᠳᠤ ᠭᠦᠢᠴᠡᠳ ᠬᠠᠷᠠᠭᠤᠯᠵᠤ᠂ ᠥᠪᠥᠷ ᠮᠣᠩᠭᠤᠯ ᠤᠨ ᠰᠠᠶᠢᠨ ᠰᠠᠶᠢᠬᠠᠨ ᠡᠬᠢ ᠪᠠᠶᠠᠯᠢᠭ ᠤᠨ ᠳᠠᠪᠠᠭᠤᠯᠢᠭ᠂ ᠶᠡᠭᠡ ᠰᠠᠶᠢᠨ ᠬᠥᠭᠵᠢᠯᠲᠡ ᠶᠢᠨ ᠢᠷᠡᠭᠡᠳᠦᠢ ᠶᠢ ᠭᠦᠢᠴᠡᠳ ᠬᠠᠷᠠᠭᠤᠯᠵᠤ᠂ ᠨᠡᠩ ᠰᠠᠶᠢᠳᠤᠷ ᠲᠦᠷᠢ ᠲᠥᠷᠬᠦ ᠶᠢ ᠱᠤᠭᠤᠵᠤ ᠨᠡᠶᠢᠬᠡᠮ ᠤᠨ ᠬᠠᠷᠢᠯᠴᠠᠭ᠎ᠠ ᠶᠢ ᠬᠤᠷᠠᠮᠳᠤᠭᠤᠯᠵᠤ ᠣᠷᠣᠨ ᠵᠠᠢ ᠶᠢ ᠥᠷᠭᠡᠳᠭᠡᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠣᠷᠣᠨ ᠵᠠᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠬᠡᠵᠥ ᠬᠡᠯᠡᠪᠡ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠲᠡᠰ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠯᠠ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号