ᠪᠠᠢ ᠬᠠᠢ ᠯᠢᠨ ᠪᠦᠬᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/24
    10 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠪᠦᠬᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠂ ᠰᠢ ᠶᠢᠨ ᠫᠢᠩ ᠶᠡᠷᠦᠩᠬᠡᠶ ᠱᠦᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠳᠣᠣᠱᠯᠠᠭᠤᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠤ ᠬᠢᠭᠡᠳ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶ᠎ᠠ ᠴᠠᠷᠠᠭᠠᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠪᠦᠬᠦ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠤᠨ᠂ ᠤᠯᠠᠨ ᠲᠦᠮᠡᠨ ᠤ ᠡᠷᠡᠭᠦᠯ ᠮᠡᠨᠳᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
1.jpg
     ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ᠂ ᠠᠯᠠᠱᠠ ᠵᠡᠭᠦᠨ ᠬᠤᠰᠢᠭᠤᠨ ᠤ ᠬᠢᠲᠠᠳ ᠮᠤᠩᠭᠤᠯ ᠡᠮᠨᠡᠯᠭᠡ ᠶᠢᠨ ᠬᠤᠷᠢᠶ᠎ᠠ ᠳᠤ ᠪᠠᠶ ᠬᠠᠶ ᠯᠢᠨ ᠡᠮᠨᠡᠯᠭᠡ ᠶᠢᠨ ᠬᠤᠷᠢᠶ᠎ᠠ ᠶᠢᠨ ᠰᠠᠭᠤᠷᠢ ᠲᠣᠨᠤᠭ ᠲᠦᠬᠦᠬᠡᠷᠦᠮᠵᠢ ᠶᠢ ᠪᠠᠶᠢᠴᠠᠭᠠᠨ ᠦᠵᠡᠵᠦ᠂ ᠡᠮᠨᠡᠯᠭᠡ ᠶᠢᠨ ᠬᠤᠷᠢᠶ᠎ᠠ ᠶᠢᠨ ᠡᠵᠡᠩᠨᠡᠯᠳᠠ ᠬᠠᠮᠢᠶᠠᠷᠤᠯᠲᠠ᠂ ᠰᠢᠨᠵᠢᠯᠡᠭᠡᠨ ᠤ ᠪᠥᠲᠥᠭᠡᠨ ᠪᠠᠶᠢᠭᠤᠯᠤᠯᠲᠠ᠂ ᠬᠢᠲᠠᠳ ︵ᠮᠣᠩᠭᠤᠯ︶ ᠡᠮᠨᠡᠯᠭᠡ ᠶᠢᠨ ᠤᠨᠴᠠᠯᠢᠭᠳᠤ ᠡᠮᠴᠢᠯᠡᠬᠡᠨ ᠤ ᠠᠷᠭ᠎ᠠ᠂ ᠦᠢᠯᠡᠴᠢᠯᠡᠭᠡᠨ ᠤ ᠴᠢᠳᠠᠪᠤᠷᠢ ᠪᠠ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠬᠢᠨᠠᠮᠠᠭᠠᠶ ᠤᠶᠢᠯᠠᠭᠠᠵᠠᠢ᠃ ᠲᠡᠷᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠨᠢ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠲᠠᠢ ᠬᠤᠯᠪᠣᠭᠳᠠᠬᠤ ᠪᠤᠯᠬᠤᠷ᠂ ᠡᠮᠨᠡᠯᠭᠡ ᠶᠢᠨ ᠬᠤᠷᠢᠶᠠᠨ ᠤ ᠬᠢᠨ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠡᠮᠴᠢ ᠠᠵᠢᠯᠳᠠᠳ ᠤᠨ ᠪᠤᠯᠪᠠᠰᠤᠷᠠᠯ ᠢ ᠰᠠᠶᠢᠳᠦᠷ ᠠᠳᠬᠤᠨ᠂ ᠣᠷᠣᠨ ᠪᠦᠰᠡ ᠠᠯᠤᠰᠯᠠᠭᠰᠠᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠤ᠂ ᠬᠢᠲᠠᠳ ︵ᠮᠣᠩᠭᠤᠯ︶ ᠡᠮᠨᠡᠯᠭᠡ ᠶᠢᠨ ᠤᠨᠴᠠᠯᠢᠭᠳᠤ ᠳᠠᠪᠠᠭᠤᠯᠢᠭ ᠢ ᠰᠠᠶᠢᠲᠤᠷ ᠪᠠᠳᠠᠷᠠᠭᠤᠯᠤᠨ᠂ ᠡᠮᠴᠢᠯᠡᠭᠡᠨ ᠤ ᠮᠡᠷᠭᠡᠵᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠣᠨᠣᠰᠢᠯᠠᠨ ᠡᠮᠨᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠲᠦᠮᠡᠨ ᠳᠤ ᠨᠡᠩ ᠰᠢᠯᠢᠳᠡᠭ ᠪᠥᠭᠡᠳ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠭᠡᠪᠠ᠃
2.jpg
     ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠳᠤ᠂ ᠪᠠᠶ ᠬᠠᠶ ᠯᠢᠨ ᠵᠢᠷᠮᠤᠰᠤᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠬᠥᠩᠭᠡᠵᠢᠭᠰᠡᠨ ᠤ ᠳᠠᠷᠠᠭᠠᠬᠢ ᠡᠷᠡᠭᠦᠯᠵᠢᠯ᠂ ᠬᠡᠤᠬᠡᠳ ᠤᠨ ᠡᠷᠡᠬᠦᠯᠵᠢᠯ ᠪᠠ ᠡᠮᠨᠡᠯᠭᠡ ᠳᠤ ᠰᠠᠭᠤᠬᠤ ᠰᠢᠨ᠎ᠠ ᠠᠰᠠᠷ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠬᠢᠨ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠴᠢᠳᠠᠪᠤᠷᠢᠲᠠᠨ ᠢ ᠬᠥᠮᠦᠵᠢᠭᠦᠯᠬᠦ ᠪᠠ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠳᠠᠯᠭᠠᠲᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ᠂ ᠪᠥᠬᠦ ᠠᠶᠢᠮᠠᠭ ᠤᠨ ᠡᠮᠡᠭᠲᠡᠶᠢᠴᠦᠳ ᠬᠡᠤᠬᠡᠳ ᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃
3.jpg
     ᠠᠶᠢᠮᠠᠭ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠲᠤ᠂ ᠪᠠᠢ ᠬᠠᠢ ᠯᠢᠨ ᠪᠦᠬᠦ ᠠᠶᠢᠮᠠᠭ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠤᠶᠢᠯᠠᠭᠠᠬᠤ ᠶᠢᠨ ᠬᠠᠮᠲᠤ ᠡᠯ᠎ᠡ ᠲᠤᠷᠰᠢᠯᠲᠠ ᠶᠢᠨ ᠲᠠᠰᠤᠭ ᠢ ᠲᠣᠭᠤᠷᠢᠨ ᠦᠵᠡᠪᠡ᠃ ᠲᠡᠷᠡ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠡᠯ᠎ᠠ ᠰᠠᠯᠠᠭ᠎ᠠ ᠮᠥᠴᠢᠷ ᠤᠨ ᠬᠢᠨ ᠠᠵᠢᠯ ᠤᠨ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢᠲᠠᠨ ᠤ ᠡᠩᠨᠡᠭᠡ ᠶᠢ ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠂ ᠪᠠᠶᠢᠴᠠᠭᠠᠨ ᠰᠢᠯᠭᠠᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠶᠢᠮᠠᠭ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠤ ᠱᠠᠭᠠᠷᠳᠠᠪᠠ᠃
4.jpg
 
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号