ᠠᠶᠢᠮᠠᠭ ᠤᠨ ᠵᠠᠬᠢᠷᠭ᠎ᠠ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/10/24
   10 ᠳ᠋ᠤᠭᠠᠷ ᠰᠠᠷ᠎ᠠ ᠶᠢᠨ 23 ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠸᠠᠩ ᠴᠢᠶᠠᠩ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃
1.jpg
      ᠪᠠᠶ ᠬᠠᠶ ᠯᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠸᠠᠩ ᠴᠢᠶᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠠᠯᠠᠱᠠ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠢᠨ ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠶ᠂ ᠣᠨᠴᠠᠯᠢᠭᠲᠤ ᠡᠬᠢ ᠪᠠᠶᠠᠯᠢᠭ ᠡᠯᠪᠡᠭ᠂ ᠬᠠᠷᠢᠴᠠᠭᠤᠯᠤᠭᠰᠠᠨ ᠳᠠᠪᠠᠭᠤᠯᠢᠭ ᠲᠣᠪᠤᠶᠢᠮ᠎ᠠ ᠪᠠᠶᠢᠵᠤ᠂ ᠶᠠᠭ ︽ᠲᠠᠪᠤᠨ ᠶᠡᠭᠡ ᠰᠠᠭᠤᠷᠢᠨ︾ ᠢ ᠲᠦᠷᠬᠡᠨ ᠪᠠᠶᠢᠭᠤᠯᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠴᠢᠩᠭᠠᠳᠬᠠᠵᠤ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠠᠵᠤ ᠦᠢᠯᠡᠰ + ᠮᠥᠩᠭᠦᠨ ᠭᠦᠢᠯᠭᠡᠭᠡ︾ ᠶᠢᠨ ᠠᠵᠢᠯ ᠢ ᠭᠠᠷ ᠬᠤᠯᠪᠣᠨ ᠰᠠᠶᠢᠲᠤᠷ ᠬᠢᠵᠦ᠂ ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ︽ᠮᠥᠩᠭᠦᠨ ᠭᠦᠢᠯᠭᠡᠭᠡᠨ ᠤ ᠢᠳᠡᠪᠬᠢᠵᠢᠯ︾ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃
2.jpg
     ᠸᠠᠩ ᠴᠢᠶᠠᠩ᠂ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠬᠦ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠵᠡᠷᠭᠡ ᠲᠠᠯ᠎ᠠ ᠪᠠᠷ ᠨᠠᠩ ᠣᠯᠠᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ᠂ ᠠᠯᠠᠱᠠ ᠶᠢᠨ ᠬᠥᠭᠵᠢᠯᠲᠡ ᠪᠠᠨ ᠲᠦᠷᠭᠡᠳᠬᠡᠬᠦ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠨ᠎ᠡ ᠭᠡᠵᠡᠶ᠃     ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠠᠯᠠᠱᠠ ᠠᠶᠢᠮᠠᠭ ᠤᠨ ᠠᠵᠤ ᠠᠬᠤᠶ ᠶᠢᠨ ᠬᠥᠭᠵᠢᠯᠲᠡ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠰᠢᠩ ᠶᠧ ᠪᠠᠩᠬᠢ ᠶᠢᠨ ᠮᠥᠩᠭᠦᠨ ᠭᠦᠢᠯᠭᠡᠭᠡᠨ ᠤ ᠡᠬᠢ ᠪᠠᠶᠠᠯᠢᠭ  ᠢ ᠰᠠᠯᠬᠢ ᠬᠡᠷᠡᠯ ᠰᠢᠨ᠎ᠡ ᠡᠨᠧᠷᠭᠢ᠂ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠹᠯᠣᠷ ᠬᠢᠮᠢ ᠶᠢᠨ ᠠᠵᠤ ᠦᠢᠯᠡᠳᠪᠦᠷᠢ᠂ ᠠᠮᠢ ᠠᠬᠤᠶ ᠪᠠᠷ ᠡᠯᠡᠰᠦ ᠶᠢ ᠵᠠᠰᠠᠬᠤ ᠵᠡᠷᠭᠡ ᠳᠠᠪᠠᠭᠤᠯᠢᠭ ᠡᠬᠢ ᠪᠠᠶᠠᠯᠢᠭ ᠪᠠ ᠠᠵᠤ ᠦᠢᠯᠡᠰ  ᠲᠠᠢ ᠣᠷᠭᠠᠨᠢᠭ ᠢᠶᠠᠷ ᠤᠶᠠᠯᠳᠤᠭᠤᠯᠵᠤ᠂ ᠠᠯᠠᠱᠠ ᠶᠢᠨ ᠪᠥᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ᠂ ᠪᠥᠬᠦ ᠤᠯᠤᠰ ᠤᠨ ᠣᠲᠣ ᠦᠶ᠎ᠡ ᠶᠢᠨ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠪᠥᠬᠦ ᠤᠯᠤᠰ ᠤᠨ ᠣᠲᠣ ᠦᠶ᠎ᠡ ᠶᠢᠨ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃     ᠸᠠᠩ ᠹᠧᠩ ᠠᠭᠤᠯᠵᠠᠯᠲᠠ ᠳᠤ ᠤᠷᠤᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号