ᠡᠵᠡᠨ᠎ᠡ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠦᠷᠳᠡᠭ 100 ᠳ᠋ᠦᠩᠰᠢᠭᠤᠷ ᠲᠥᠭᠦᠷᠢᠭ ᠢ ᠳᠠᠪᠠᠵᠡᠢ
ᠨᠡᠶᠢᠲᠡᠯᠡᠭᠰᠡᠨ ᠴᠠᠭ᠄
2024/10/29
    ᠡᠵᠡᠨ᠎ᠡ ᠪᠣᠭᠤᠮᠲᠠ ᠶᠢᠨ ᠬᠠᠮᠤᠭ ᠤᠨ ᠰᠢᠨ᠎ᠠ ᠪᠦᠷᠢᠳᠬᠡᠯ ᠢ ᠦᠨᠳᠦᠰᠦᠯᠠᠪᠠᠯ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠪᠦᠬᠦ ᠠᠶᠢᠮᠠᠭ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠦᠷᠳᠡᠭ 109 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.1%᠎ ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠠᠳᠠᠯᠢ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ ᠤᠨ 7.1%᠎ ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ ᠤᠨ ᠶᠡᠷᠦᠩᠬᠡᠢ ᠨᠡᠮᠡᠭᠳᠡᠯ ᠤᠨ ᠬᠤᠷᠳᠤᠴᠠ ᠠᠴᠠ 20.4 ᠵᠠᠭᠤᠨ ᠤ ᠨᠢᠭᠡᠴᠢ ᠥᠨᠳᠥᠷ ᠪᠤᠯᠵᠤ᠂ ᠨᠡᠮᠡᠭᠳᠡᠯ ᠤᠨ ᠬᠤᠷᠳᠤᠴᠠ ᠨᠢ ᠤᠷᠤᠨ ᠳᠠᠭᠠᠨ ᠬᠤᠶᠠᠳᠤᠭᠠᠷ ᠲᠤ ᠣᠷᠣᠭᠰᠠᠨ ᠪᠠᠶᠢᠨ᠎ᠠ᠃    ᠡᠨᠡ ᠵᠢᠯ ᠠᠴᠠ ᠨᠠᠭᠠᠰᠢ᠂ ᠡᠵᠡᠨ᠎ᠡ ᠪᠣᠭᠤᠮᠲᠠ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠪᠥᠬᠦ ᠬᠦᠴᠦᠨ ᠢᠶᠠᠷ ᠦᠢᠯᠡᠴᠢᠯᠡᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠂ ︽ᠪᠣᠭᠤᠮᠲᠠ ᠶᠢᠨ ᠳᠠᠷᠤᠭ᠎ᠠ ᠳᠦᠷᠦ ᠶᠢᠨ ᠪᠣᠳᠣᠯᠭ᠎ᠠ ᠶᠢ ᠬᠡᠷ ᠲᠤᠨᠢ ᠬᠦᠷᠭᠡᠬᠦ︾᠂ ︽ᠠᠰᠠᠭᠤᠳᠠᠯ ᠢ ᠰᠶᠢᠳᠪᠦᠷᠢᠯᠡᠬᠦ︾ ᠵᠡᠷᠭᠡ ᠠᠵᠢᠯ ᠤᠨ ᠲᠣᠭᠲᠠᠴᠠ ᠪᠠᠷ ᠲᠠᠮᠵᠢᠨ ᠠᠵᠤ ᠠᠬᠤᠶᠢᠯᠠᠯ ᠤᠨ ᠡᠯ᠎ᠠ ᠵᠦᠢᠯ ᠤᠨ ᠬᠦᠴᠢᠷᠳᠠᠯ ᠢ ᠴᠠᠭ ᠲᠤᠬᠠᠢ ᠳᠤᠨᠢ ᠰᠶᠢᠳᠪᠦᠷᠢᠯᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠦᠭᠵᠢᠬᠦᠯᠬᠦ ᠢᠲᠡᠭᠡᠯ ᠵᠣᠷᠢᠭ ᠢ ᠬᠥᠪᠴᠢᠯᠡᠪᠡ᠃ ᠡᠬᠦᠨ ᠠᠴᠠ ᠭᠠᠳᠠᠨ᠎ᠠ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠤᠨ᠂ ︽ᠪᠣᠭᠤᠮᠲᠠ ᠪᠠ ᠠᠵᠤ ᠠᠬᠤᠶᠢᠯᠠᠯ ᠬᠠᠷᠢᠯᠴᠠᠨ ᠨᠡᠪᠲᠡᠷᠡᠯᠴᠡᠬᠦ ᠲᠤᠭᠤᠷᠢᠭ︾ ᠪᠠ ᠪᠣᠭᠤᠮᠲᠠ ᠪᠠᠷ ᠥᠩᠭᠡᠷᠡᠬᠦᠯᠬᠦ ᠦᠢᠯᠡᠴᠢᠯᠡᠭᠡᠨ ᠤ ᠠᠵᠢᠯ ᠤᠨ ᠳᠤᠭᠤᠶᠢᠯᠠᠩ ᠢ ᠪᠠᠶᠢᠭᠤᠯᠵᠦ᠂ ︽ᠪᠣᠭᠤᠮᠲᠠ ᠥᠩᠭᠡᠷᠡᠬᠦ + ᠦᠨᠡᠮᠯᠡᠯ ᠵᠣᠬᠢᠶᠠᠬᠤ︾ ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠨ᠂ ᠦᠨᠡᠮᠯᠡᠯ ᠭᠠᠷᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠪᠠᠷᠠᠭᠠᠨ ᠤ ᠰᠠᠭᠠᠳ ᠥᠬᠡᠶ ᠨᠡᠪᠳᠡᠷᠡᠬᠦ ᠶᠢ ᠪᠠᠳᠤᠯᠠᠵᠦ᠂ ᠠᠵᠤ ᠠᠬᠤᠶᠢᠯᠠᠯ ᠤᠨ ᠴᠠᠭ ᠪᠠ ᠦᠪᠡᠷ ᠤᠨ ᠦᠷᠳᠡᠭ ᠢ ᠪᠠᠭᠤᠷᠠᠭᠤᠯᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠪᠣᠭᠤᠮᠲᠠ ᠶᠢᠨ ᠬᠢᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠦᠷᠬᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠠᠷᠠᠯᠵᠢᠶ᠎ᠠ ᠶᠢ ᠳᠥᠭᠦᠮᠴᠢᠯᠡᠬᠦ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠠᠵᠤ ᠠᠬᠤᠶ ᠶᠢᠨ ᠦᠷ᠎ᠡ ᠠᠰᠢᠭ ᠢ ᠨᠢ ᠳᠡᠭᠡᠭᠰᠢᠯᠡᠭᠦᠯᠬᠦ ᠶᠢᠨ ᠬᠠᠮᠲᠦ᠂ ᠣᠷᠣᠨ ᠨᠤᠲᠤᠭ ᠤᠨ ᠵᠠᠰᠠᠭ ᠤᠨ ᠣᠷᠳᠣᠨ᠂ ᠠᠵᠤ ᠠᠬᠤᠶᠢᠯᠠᠯ ᠲᠠᠢ ᠬᠠᠷᠢᠯᠴᠠᠭ᠎ᠠ ᠬᠤᠯᠪᠤᠭ᠎ᠠ ᠪᠠᠨ ᠤᠯᠠᠮ ᠨᠢᠬᠡ ᠠᠯᠬᠤᠮ ᠴᠢᠩᠭᠠᠳᠬᠠᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠂ ᠪᠦᠬᠦ ᠠᠶᠢᠮᠠᠭ ᠤᠨ ᠠᠵᠦ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠦᠷᠬᠦᠯᠵᠢᠯᠡᠨ ᠠᠬᠢᠭᠤᠯᠬᠤ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号