10 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ ᠶᠢᠨ 14 ᠴᠠᠭ 11 ᠮᠢᠨᠦ᠋ᠲ ᠲᠤ᠂ ᠠᠯᠠᠱᠠ ᠶᠢᠨ | ᠨᠢᠰᠭᠡᠯ ᠤᠨ ᠪᠠᠭᠤᠳᠠᠯ ᠳᠤ ᠠᠯᠠᠱᠠ ᠵᠡᠭᠦᠨ ᠬᠤᠰᠢᠭᠤ ᠠᠴᠠ ᠤᠷᠳᠤᠰ ᠬᠤᠳᠠ ᠬᠦᠷᠴᠦ᠂ ᠵᠠᠯᠭᠠᠭᠠᠳ ᠬᠦᠯᠦᠨ | ᠪᠦᠢᠷ ᠬᠤᠳᠠ ᠬᠦᠷᠬᠦ ᠰᠢᠨ᠎ᠡ ᠠᠭᠠᠷ ᠠᠶᠠᠯᠠᠯ ᠤᠨ ᠱᠤᠭᠤᠮ ᠨᠡᠪᠳᠡᠷᠡᠬᠦ ᠶᠤᠰᠤᠯᠠᠯ ᠶᠠᠪᠤᠬᠳᠠᠵᠤ᠂ ᠦᠪᠦᠷ | ᠮᠤᠩᠭᠤᠯ ᠤᠨ ᠬᠠᠮᠤᠭ ᠤᠨ ᠪᠠᠷᠠᠭᠤᠨ ᠪᠡᠶ᠎ᠡ ᠶᠢᠨ ᠠᠯᠠᠱᠠ ᠠᠶᠢᠮᠠᠭ ᠠᠴᠠ ᠬᠠᠮᠤᠭ ᠤᠨ ᠵᠡᠭᠦᠨ ᠪᠡᠶ᠎ᠡ ᠶᠢᠨ ᠬᠦᠯᠦᠨ | ᠪᠦᠢᠷ ᠬᠦᠷᠬᠦ ᠠᠭᠠᠷ ᠠᠶᠠᠯᠠᠯ ᠤᠨ ᠱᠤᠭᠤᠮ ᠵᠢᠩᠬᠢᠨᠢ ᠪᠠᠷ ᠨᠡᠪᠳᠡᠷᠡᠭᠰᠡᠨ ᠢ ᠬᠠᠷᠠᠭᠤᠯᠤᠯ᠎ᠠ᠃ | 10 ᠰᠠᠷ᠎ᠠ ᠶᠢᠨ 27 ᠤ ᠡᠳᠦᠷ ᠠᠴᠠ ᠡᠬᠢᠯᠡᠨ ᠠᠯᠠᠱᠠ ᠶᠢᠨ ᠨᠢᠰᠬᠡᠯ ᠤᠨ ᠪᠠᠭᠤᠳᠠᠯ ᠤᠨ ᠬᠢᠨ ᠠᠭᠠᠷ | ᠠᠶᠠᠯᠠᠯ ᠤᠨ ᠱᠤᠭᠤᠮ ᠳᠤ ᠰᠢᠨ᠎ᠡ ᠪᠠᠷ ᠲᠤᠬᠢᠷᠠᠭᠤᠯᠤᠯᠳᠠ ᠬᠢᠵᠦ᠂ ᠠᠯᠠᠱᠠ ᠵᠡᠬᠦᠨ ᠬᠤᠰᠢᠭᠤ ᠠᠴᠠ | ᠬᠦᠬᠡᠬᠤᠳᠠ ᠶᠢᠨ ᠬᠤᠭᠤᠷᠤᠨᠳᠤᠬᠢ ᠠᠭᠠᠷ ᠠᠶᠠᠯᠠᠯ ᠤᠨ ᠡᠬᠡᠯᠵᠢ ᠶᠢ ᠡᠳᠦᠷ ᠪᠦᠷᠢ ᠦᠷᠯᠦᠭᠡ᠂ ᠦᠳᠡ᠂ ᠤᠷᠤᠢ 3 | ᠡᠬᠡᠯᠵᠢ ᠪᠤᠯᠭᠠᠨ ᠬᠤᠪᠢᠷᠠᠭᠤᠯᠬᠤ ᠠᠴᠠ ᠭᠠᠳᠠᠨ᠎ᠠ᠂ ᠠᠯᠠᠱᠠ ᠵᠡᠬᠦᠨ ᠬᠤᠰᠢᠭᠤ ᠠᠴᠠ ᠤᠷᠳᠤᠰ ᠬᠤᠳᠠ᠂ ᠵᠠᠯᠭᠠᠭᠠᠳ | ᠬᠦᠯᠦᠨ ᠪᠤᠶᠢᠷ ᠬᠤᠳᠠ ᠬᠦᠷᠬᠦ ᠠᠭᠠᠷ ᠠᠶᠠᠯᠠᠯ ᠤᠨ ᠱᠤᠭᠤᠮ ᠪᠤᠯᠤᠨ ᠠᠯᠠᠱᠠ ᠵᠡᠬᠦᠨ ᠬᠤᠰᠢᠭᠤ ᠠᠴᠠ ᠰᠢᠯᠢ ᠶᠢᠨ | ᠬᠤᠳᠠ᠂ ᠵᠠᠯᠭᠠᠭᠠᠳ ᠲᠦᠩᠯᠢᠶᠤᠤ ᠬᠤᠳᠠ ᠬᠦᠷᠬᠦ ᠠᠭᠠᠷ ᠠᠶᠠᠯᠠᠯ ᠤᠨ ᠱᠤᠭᠤᠮ ᠢ ᠰᠢᠨ᠎ᠡ ᠪᠠᠷ ᠨᠡᠭᠡᠭᠡᠭᠰᠡᠨ | ᠪᠠᠶᠢᠨ᠎ᠠ᠃ | ᠠᠯᠠᠱᠠ ᠵᠡᠬᠦᠨ ᠬᠤᠰᠢᠭᠤ ᠠᠴᠠ ᠤᠷᠳᠤᠰ ᠬᠤᠳᠠ᠂ ᠵᠠᠯᠭᠠᠭᠠᠳ ᠬᠦᠯᠦᠨ ᠪᠤᠶᠢᠷ ᠬᠤᠳᠠ ᠬᠦᠷᠬᠦ ᠠᠭᠠᠷ | ᠠᠶᠠᠯᠠᠯ ᠤᠨ ᠱᠤᠭᠤᠮ ᠤᠨ ᠨᠢᠰᠦᠯᠳᠡ ᠶᠢᠨ ᠡᠬᠦᠷᠭᠡ ᠶᠢ ᠬᠤᠸᠠ ᠰᠢᠶᠠ ᠠᠭᠠᠷ ᠠᠶᠠᠯᠠᠯ ᠤᠨ ᠺᠤᠮᠫᠠᠨᠢ ᠶᠢᠨ | CRJ900 ᠬᠡᠯᠪᠡᠷᠢ ᠶᠢᠨ ᠨᠢᠰᠭᠡᠯ ᠬᠦᠢᠴᠡᠳᠭᠡᠵᠦ᠂ ᠭᠠᠷᠠᠭ ᠪᠤᠯᠭᠠᠨ ᠤ ᠨᠢᠭᠡᠨ᠂ ᠭᠤᠷᠪᠠᠨ᠂ ᠲᠠᠪᠤᠨ᠂ ᠭᠠᠷᠠᠭ | ᠤᠨ ᠡᠳᠦᠷ ᠵᠡᠷᠭᠡ 4 ᠡᠭᠡᠯᠵᠢ ᠲᠤᠬᠢᠷᠠᠭᠤᠯᠵᠡᠢ᠃ 10 ᠰᠠᠷ᠎ᠠ ᠶᠢᠨ 29 ᠤ ᠡᠳᠦᠷ᠂ ᠠᠯᠠᠱᠠ ᠵᠡᠬᠦᠨ ᠬᠤᠰᠢᠭᠤ | ᠠᠴᠠ ᠰᠢᠯᠢ ᠶᠢᠨ ᠬᠤᠳᠠ᠂ ᠵᠠᠯᠭᠠᠭᠠᠳ ᠲᠦᠩᠯᠢᠶᠤᠤ ᠬᠤᠳᠠ ᠬᠦᠷᠬᠦ ᠠᠭᠠᠷ ᠠᠶᠠᠯᠠᠯ ᠤᠨ ᠰᠢᠨ᠎ᠡ ᠱᠤᠭᠤᠮ | ᠨᠡᠪᠳᠡᠷᠡᠬᠦ ᠪᠠᠷ ᠪᠤᠯᠵᠦ᠂ ᠬᠤᠸᠠ ᠰᠢᠶᠠ ᠠᠭᠠᠷ ᠠᠶᠠᠯᠠᠯ ᠤᠨ ᠺᠤᠮᠫᠠᠨᠢ ᠶᠢᠨ CRJ900 ᠬᠡᠯᠪᠡᠷᠢ ᠶᠢᠨ ᠨᠢᠰᠭᠡᠯ | ᠬᠦᠢᠴᠡᠳᠭᠡᠨ᠂ ᠭᠠᠷᠠᠭ ᠪᠤᠯᠭᠠᠨ ᠤ ᠬᠤᠶᠠᠷ᠂ ᠲᠦᠷᠪᠡᠨ᠂ ᠵᠢᠷᠭᠤᠭᠠᠨ ᠵᠡᠷᠭᠡ 3 ᠡᠭᠡᠯᠵᠢ ᠲᠤᠬᠢᠷᠠᠭᠤᠯᠵᠡᠢ᠃ | ᠠᠶᠠᠨᠴᠢᠳ ᠲᠤ ᠨᠡᠩ ᠰᠠᠶᠢᠨ ᠠᠰᠢᠭ ᠬᠦᠷᠳᠡᠭᠡᠬᠦ ᠶᠢᠨ ᠲᠦᠯᠦᠭᠡ᠂ ᠠᠯᠠᠱᠠ ᠶᠢᠨ ᠨᠢᠰᠭᠡᠯ ᠤᠨ ᠪᠠᠭᠤᠳᠠᠯ | ᠪᠤᠯᠤᠨ ᠬᠤᠸᠠ ᠰᠢᠶᠠ ᠠᠭᠠᠷ ᠠᠶᠠᠯᠠᠯ ᠤᠨ ᠺᠤᠮᠫᠠᠨᠢ ᠬᠠᠮᠳᠤᠷᠠᠨ ᠨᠢᠰᠭᠡᠯ ᠤᠨ ᠪᠢᠯᠧᠲ ᠤᠨ ᠦᠨ᠎ᠡ ᠶᠢ | ᠬᠢᠮᠳᠠᠷᠠᠭᠤᠯᠬᠤ ᠠᠵᠢᠯᠯᠠᠭ᠎ᠠ ᠦᠷᠨᠢᠬᠦᠯᠵᠦ᠂ ᠠᠯᠠᠱᠠ ᠵᠡᠬᠦᠨ ᠬᠤᠰᠢᠭᠤ ᠠᠴᠠ ᠬᠦᠬᠡᠬᠤᠳᠠ᠂ ᠰᠢᠯᠢ ᠶᠢᠨ ᠬᠤᠳᠠ᠂ | ᠤᠷᠳᠤᠰ ᠬᠦᠷᠬᠦ ᠨᠢᠭᠡ ᠡᠬᠡᠯᠵᠢ ᠶᠢᠨ ᠪᠢᠯᠧᠲ ᠤᠨ ᠦᠨ᠎ᠡ ᠶᠢ ᠬᠠᠮᠤᠭ ᠤᠨ ᠬᠢᠮᠳᠠ ᠳᠠᠭᠠᠨ 150 ᠲᠦᠬᠦᠷᠢᠭ ︵ | ᠲᠠᠳᠠᠪᠤᠷᠢ ᠮᠦᠩᠬᠦ ᠶᠢ ᠪᠠᠭᠳᠠᠭᠠᠬᠤ ᠦᠭᠡᠢ︶ ᠢᠶᠠᠷ ᠪᠤᠷᠤᠯᠠᠭᠤᠯᠵᠦ᠂ ᠠᠯᠠᠱᠠ ᠵᠡᠬᠦᠨ ᠬᠤᠰᠢᠭᠤ ᠠᠴᠠ ᠬᠦᠯᠦᠨ | ᠪᠤᠶᠢᠷ᠂ ᠲᠦᠩᠯᠢᠶᠤᠤ ᠬᠦᠷᠬᠦ ᠨᠢᠬᠡ ᠡᠬᠡᠯᠵᠢ ᠶᠢᠨ ᠪᠢᠯᠧᠲ ᠤᠨ ᠦᠨ᠎ᠡ ᠶᠢ ᠬᠠᠮᠤᠭ ᠤᠨ ᠬᠢᠮᠳᠠ ᠳᠠᠭᠠᠨ 260 | ᠲᠦᠬᠦᠷᠢᠭ ︵ᠲᠠᠳᠠᠪᠤᠷᠢ ᠮᠦᠩᠬᠦ ᠶᠢ ᠪᠠᠭᠳᠠᠭᠠᠬᠤ ᠦᠭᠡᠢ︶ ᠢᠶᠠᠷ ᠪᠤᠷᠤᠯᠠᠭᠤᠯᠬᠤ ᠪᠠᠷ ᠪᠤᠢ᠃ |