10 ᠰᠠᠷ᠎ᠠ ᠶᠢᠨ 28 ᠤ ᠡᠳᠦᠷ᠂ ︽ᠪᠠᠴᠢᠮ ᠪᠠᠶᠢᠳᠠᠯ ᠢ ᠠᠷᠭᠠᠴᠠᠭᠠᠬᠤ ᠳᠠᠷᠬᠠᠨ ᠬᠠᠷᠢᠭᠤᠴᠠᠯᠭ᠎ᠠ · 2024︾ | ᠥᠪᠥᠷ ᠮᠣᠩᠭᠤᠯ ᠤᠨ ᠠᠯᠠᠱᠠ ᠠᠶᠢᠮᠠᠭ ᠤᠨ ᠠᠶᠤᠯᠲᠠᠶ ᠬᠢᠮᠢ ᠶᠢᠨ ᠪᠣᠳᠠᠰ ᠤᠨ ᠶᠡᠷᠦᠩᠬᠡᠶᠢᠯᠡᠭᠰᠡᠨ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠶᠠᠪᠤᠭᠳᠠᠪᠠ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠪᠠᠢ ᠬᠠᠢ ᠯᠢᠨ ᠲᠤᠰ ᠤᠳᠠᠭᠠᠨ ᠤ ᠶᠡᠷᠦᠩᠬᠡᠶᠢᠯᠡᠭᠰᠡᠨ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠪᠦᠬᠦ | ᠶᠠᠪᠤᠴᠠ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ | ᠳᠠᠷᠤᠭ᠎ᠠ᠂ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠮᠦᠩᠭᠡ ᠲᠤᠬᠠᠢ ᠶᠢᠨ | ᠲᠠᠯᠠᠪᠠᠢ ᠶᠢᠨ ᠵᠢᠯᠤᠭᠤᠳᠤᠭᠴᠢ ᠶᠢᠨ ᠲᠤᠰᠢᠶᠠᠯ ᠢ ᠡᠭᠦᠷᠭᠡᠯᠡᠪᠡ᠃ ᠥᠪᠡᠷᠲᠡᠭᠡᠨ ᠵᠠᠰᠠᠬᠤ ᠣᠷᠣᠨ ᠤ ᠠᠶᠤᠯᠲᠠᠢ | ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠯ ᠢ ᠬᠢᠨᠠᠠ ᠬᠠᠮᠢᠶᠠᠷᠬᠤ ᠲᠣᠪᠴᠢᠶ᠎ᠠ ᠶᠢᠨ ᠳᠠᠷᠤᠭ᠎ᠠ ᠯᠢ ᠬᠠᠢ | ᠵᠢᠶᠦ᠋ᠨ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ ᠵᠢᠭᠠᠨ ᠵᠢᠯᠣᠭᠤᠳᠪᠠ᠃ | | | | | | | | | | | | | | | ᠲᠣᠰ ᠤᠳᠠᠭᠠᠨ ᠤ ᠰᠣᠷᠢᠯᠲᠠ ᠶᠢᠨ ᠬᠡᠯᠪᠡᠷᠢ ᠨᠢ ᠰᠢᠨ᠎ᠡ᠂ ᠶᠠᠪᠤᠴᠠ ᠨᠢ ᠲᠣᠳᠣᠷᠬᠠᠶ ᠪᠠᠶᠢᠵᠤ᠂ ᠠᠯᠠᠱᠠ | ᠠᠶᠢᠮᠠᠭ ᠤᠨ ᠠᠶᠤᠯᠲᠠᠶ ᠬᠢᠮᠢ ᠶᠢᠨ ᠪᠣᠳᠠᠰ ᠤᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠨᠢᠭᠡ | ᠤᠳᠠᠭᠠᠨ ᠤ ᠶᠡᠭᠡ ᠬᠡᠪᠴᠢᠶᠡᠨ ᠤ ᠪᠣᠳᠠᠲᠤ ᠰᠣᠷᠢᠯᠲᠠ ᠪᠣᠯᠤᠨ᠎ᠠ᠃ 3 ᠰᠣᠷᠢᠯᠳᠠ ᠶᠢᠨ ᠲᠠᠯᠠᠪᠤᠷ ᠭᠠᠷᠭᠠᠵᠤ᠂ ᠣᠯᠠᠨ | ᠲᠠᠯᠠᠪᠤᠷ ᠲᠤ ᠰᠣᠷᠢᠯᠳᠠ ᠬᠢᠵᠦ᠂ ᠠᠶᠤᠯᠲᠠᠶ ᠬᠢᠮᠢ ᠶᠢᠨ ᠪᠣᠳᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠣᠯᠠᠨ ᠭᠤᠭᠴᠤᠭ᠎ᠠ ᠶᠢ ᠬᠠᠮᠤᠷᠴᠤ᠂ ᠦᠢᠯᠡᠳᠪᠦᠷᠢᠯᠡᠯ ᠤᠨ ᠲᠥᠬᠦᠭᠡᠷᠦᠮᠵᠢ ᠭᠤᠭᠤᠵᠢᠭᠰᠠᠨ᠂ ᠭᠠᠯ ᠭᠠᠷᠴᠦ | ᠳᠡᠯᠪᠡᠷᠡᠭᠰᠡᠨ᠂ ᠰᠠᠪᠠ ᠶᠢᠨ ᠲᠣᠭᠤᠷᠢᠭ ᠲᠤ ᠭᠠᠯ ᠭᠠᠷᠣᠭᠰᠠᠨ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ ᠶᠢᠨ | ᠰᠠᠪᠠ ᠭᠠᠯ ᠠᠪᠣᠯᠴᠠᠭᠰᠠᠨ᠂ ᠬᠥᠮᠦᠰ ᠢ ᠲᠦᠷᠭᠡᠨ ᠲᠠᠷᠬᠠᠭᠠᠬᠤ ᠵᠡᠷᠭᠡ 6 ᠵᠢᠱᠢᠭᠰᠡᠨ ᠠᠳᠡᠯ ᠤᠨ ᠠᠬᠤᠶ ᠲᠠᠯᠠᠪᠠᠶ ᠳᠤ | ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠡᠵᠡᠮᠳᠡᠯ᠂ ᠵᠢᠷᠤᠭ ᠳᠦᠷᠰᠦ ᠶᠢᠨ ᠳᠠᠮᠵᠢᠭᠤᠯᠭ᠎ᠠ ᠰᠠᠭᠠᠳ ᠥᠬᠡᠶ | ᠨᠡᠪᠲᠡᠷᠡᠵᠦ᠂ ᠪᠥᠬᠦ ᠶᠠᠪᠤᠴᠠ ᠨᠢ ᠡᠮᠬᠢ ᠵᠢᠷᠤᠮ ᠲᠠᠢ ᠪᠠᠶᠢᠪᠠ᠃ ᠵᠢᠱᠢᠭᠰᠡᠨ ᠪᠠᠶᠢᠳᠠᠯ ᠨᠢ ᠦᠢᠯᠡᠳᠪᠦᠷᠢᠯᠡᠯ ᠤᠨ | ᠣᠳᠣᠬᠢ ᠪᠠᠶᠢᠳᠠᠯ ᠲᠠᠢ ᠨᠢᠭᠲᠠ ᠤᠶᠠᠯᠳᠤᠵᠤ᠂ ᠲᠥᠰᠦᠯ ᠤᠨ ᠨᠠᠶᠢᠷᠠᠭᠤᠯᠤᠯᠲᠠ ᠨᠢ ᠪᠣᠳᠠᠲᠤ ᠪᠠᠶᠢᠳᠠᠯ ᠲᠠᠢ | ᠨᠡᠶᠢᠴᠡᠵᠦ᠂ ᠰᠣᠷᠢᠯᠲᠠ ᠶᠢᠨ ᠶᠠᠪᠤᠴᠠ ᠨᠢ ᠰᠢᠨᠵᠢᠯᠡᠬᠦ ᠤᠬᠠᠭᠠᠨᠴᠢ ᠪᠥᠭᠡᠳ ᠴᠢᠩᠭ᠎ᠠ ᠨᠢᠮᠪᠠᠶ ᠪᠠᠶᠢᠵᠤ᠂ ᠲᠤᠬᠠᠶ ᠶᠢᠨ | ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠨᠢ ᠨᠢᠭᠲᠠ ᠬᠤᠯᠪᠣᠯᠳᠤᠵᠤ᠂ ᠵᠢᠯᠣᠭᠤᠳᠬᠤ | ᠭᠠᠵᠠᠷ ᠤᠨ ᠰᠤᠳᠤᠯᠤᠨ ᠮᠠᠭᠠᠳᠯᠠᠵᠦ ᠭᠠᠷᠭᠠᠭᠰᠠᠨ ᠰᠢᠢᠳᠪᠦᠷᠢᠲᠦ ᠪᠣᠳᠣᠯᠭ᠎ᠠ ᠨᠢ ᠣᠨᠣᠪᠴᠢᠲᠠᠶ ᠪᠠᠶᠢᠵᠤ᠂ ᠮᠠᠰᠢ | ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃ | | | | | | | | | | | | | | ᠰᠣᠷᠢᠯᠲᠠ ᠨᠢ ᠭᠠᠮᠰᠢᠭ ᠠᠴᠠ ᠠᠪᠤᠷᠠᠬᠤ ᠪᠦᠬᠦ ᠬᠦᠴᠦᠨ ᠵᠦᠢᠯ᠂ ᠪᠦᠬᠦ ᠶᠠᠪᠤᠴᠠ ᠶᠢᠨ ᠶᠣᠰᠣᠭᠠᠷ ᠬᠠᠮᠢᠶ᠎ᠠ | ᠪᠦᠬᠦᠢ ᠡᠭᠦᠷᠭᠡ ᠶᠢ ᠪᠠᠶᠢᠷᠢᠯᠠᠭᠤᠯᠵᠤ᠂ ᠳᠥᠷᠪᠡᠨ ᠱᠠᠳᠣ ᠪᠠᠷ ᠢᠶᠠᠨ ᠰᠢᠭᠤᠷᠬᠠᠢ ᠬᠦᠳᠡᠯᠬᠦ ᠶᠢ ᠨᠢᠭᠡ | ᠴᠣᠭᠴᠠᠵᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠶᠢ ᠵᠢᠯᠣᠭᠤᠳᠬᠤ᠂ ᠠᠪᠣᠷᠠᠬᠤ ᠶᠢ ᠰᠣᠷᠢᠯᠳᠠ ᠶᠢᠨ ᠪᠦᠬᠦ | ᠶᠠᠪᠣᠴᠠ ᠳᠤ ᠳᠣᠬᠢᠷᠠᠭᠤᠯᠵᠦ᠂ ᠠᠩᠬ᠎ᠠ ᠰᠢᠢᠳᠪᠦᠷᠢᠯᠡᠬᠦ᠂ ᠵᠠᠰᠠᠭ ᠤᠨ ᠣᠷᠳᠣᠨ ᠰᠢᠭᠤᠷᠬᠠᠢ ᠬᠦᠳᠡᠯᠬᠦ᠂ ᠠᠵᠢᠯ ᠤᠨ | ᠡᠩᠨᠡᠭᠡ ᠳᠣᠬᠠᠢ ᠶᠢᠨ ᠳᠠᠯᠠᠪᠠᠢ ᠳᠤ ᠰᠢᠭᠤᠷᠬᠠᠢ ᠠᠵᠢᠯᠯᠠᠬᠤ᠂ ᠣᠯᠠᠨ ᠳᠠᠯ᠎ᠠ ᠶᠢᠨ ᠬᠢᠨ ᠬᠠᠮᠵᠢᠯᠴᠠᠵᠦ ᠠᠪᠣᠷᠠᠬᠤ | ᠵᠡᠷᠭᠡ ᠳᠦᠪᠡᠨ ᠠᠭᠤᠯᠭ᠎ᠠ ᠠᠴᠠ ᠪᠦᠷᠢᠯᠳᠦᠵᠦ᠂ 16 ᠳᠡᠳ᠋ ᠠᠭᠤᠯᠭ᠎ᠠ ᠶᠢ ᠳᠣᠬᠢᠷᠠᠭᠤᠯᠵᠠᠢ᠃ ᠰᠣᠷᠢᠯᠲᠠ ᠨᠢ | ᠤᠳᠤ ᠪᠠᠶᠢᠭ᠎ᠠ ᠬᠥᠮᠦᠰ ᠤᠨ ᠪᠠᠶᠢᠷᠢ ᠲᠣᠭᠲᠠᠭᠠᠯᠲᠠ ᠶᠢᠨ ᠰᠢᠰᠲ᠋ᠧᠮ᠂ ᠳᠠᠪᠬᠤᠷ ᠤᠷᠢᠳᠴᠢᠯᠠᠨ ᠰᠡᠷᠭᠡᠶᠢᠯᠡᠬᠦ | ᠲᠣᠭᠲᠠᠴᠠ ᠶᠢᠨ ᠰᠢᠰᠲ᠋ᠧᠮ ᠪᠣᠯᠤᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠪᠣᠯᠤᠨ ᠮᠡᠳᠡᠭᠡ ᠵᠠᠩᠭᠢᠵᠢᠯᠲᠠ ᠶᠢᠨ | ᠲᠥᠬᠦᠭᠡᠷᠦᠮᠵᠢ ᠶᠢ ᠭᠡᠷᠡᠭᠯᠡᠬᠦ ᠲᠠᠢ ᠤᠶᠠᠯᠳᠤᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ | ᠠᠯᠤᠰ ᠠᠴᠠ ᠵᠢᠯᠣᠭᠤᠳᠬᠤ ᠪᠠ ᠲᠤᠰᠠᠯᠠᠬᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠳᠠᠮᠵᠢ ᠶᠢ ᠭᠦᠢᠴᠡᠳ | ᠪᠠᠳᠠᠷᠠᠭᠤᠯᠵᠤ᠂ ᠰᠣᠷᠢᠯᠲᠠ ᠶᠢᠨ ᠪᠦᠬᠦ ᠶᠠᠪᠤᠴᠠ ᠶᠢ ᠢᠯᠡᠷᠡᠭᠦᠯᠪᠡ᠃ | | | | | | | | | | | | | | | | ᠲᠤᠰ ᠤᠳᠠᠭᠠᠨ ᠤ ᠰᠣᠷᠢᠯᠲᠠ ᠳᠤ ᠥᠪᠥᠷ ᠮᠣᠩᠭᠤᠯ ᠤᠨ ᠴᠢᠩ ᠬᠤᠸᠠ ᠪᠦᠯᠦᠭᠯᠡᠯ ᠤᠨ ᠤᠰᠤᠲᠠᠢ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠪᠦᠳᠦᠭᠦᠯᠢᠭ ᠪᠧᠨ᠋ᠽᠧᠨ ᠳᠤ ᠤᠰᠤᠲᠥ᠋ᠷᠥᠭᠴᠢ ᠨᠡᠮᠡᠬᠦ | ᠲᠣᠨᠣᠭᠯᠠᠯ ᠢ ᠦᠢᠯᠡᠳᠪᠦᠷᠢᠯᠡᠬᠦ ᠶᠠᠪᠤᠴᠠ ᠳᠤ᠂ ᠭᠠᠯ ᠭᠠᠷᠴᠦ᠂ ᠦᠷᠭᠡᠵᠢᠭᠰᠡᠨ ᠠᠴᠠ ᠪᠣᠯᠵᠤ ᠳᠡᠯᠪᠡᠷᠡᠵᠦ᠂ | ᠬᠡᠦᠷᠡᠰᠦᠨ ᠰᠠᠪᠠ ᠶᠢᠨ ᠣᠷᠣᠨ ᠪᠠ ᠦᠨᠦᠷᠲᠦ ᠨᠡᠭᠦᠷᠦᠭᠴᠢ ᠶᠢᠨ ᠰᠠᠪᠠ ᠶᠢᠨ ᠣᠷᠣᠨ ᠳᠤ ᠭᠠᠯ ᠭᠠᠷᠣᠭᠰᠠᠨ︔ | ᠥᠪᠥᠷ ᠮᠣᠩᠭᠤᠯ ᠤᠨ ᠶᠠᠩ ᠹᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠴᠠᠬᠢᠯᠭᠠᠨ ᠬᠠᠩᠭᠠᠯᠲᠠ | ᠲᠠᠰᠤᠯᠳᠠᠭᠰᠠᠨ ᠠᠴᠠ ᠪᠣᠯᠵᠤ ᠨᠠᠶᠢᠷᠠᠯᠭ᠎ᠠ ᠯᠡᠪᠡᠷᠡᠭᠰᠡᠨ︔ ᠪᠠᠴᠢᠮ ᠰᠢᠯᠵᠢᠯᠲᠡ ᠶᠢᠨ ᠶᠠᠪᠤᠴᠠ ᠳᠤ᠂ ᠲᠡᠭᠡᠭᠡᠪᠦᠷᠢ ᠶᠢᠨ | ᠲᠡᠷᠭᠡ ᠮᠥᠷᠭᠦᠯᠳᠦᠭᠰᠡᠨ ᠠᠴᠠ ᠪᠣᠯᠵᠤ ᠰᠠᠪᠠ ᠡᠪᠳᠡᠭᠳᠡᠵᠦ᠂ ᠣᠯᠠᠨ ᠲᠦᠭᠰᠢᠭᠦᠷᠢᠲᠦ ᠪᠠᠶᠢᠳᠠᠯ ᠳᠠᠪᠬᠤᠴᠠᠵᠤ᠂ | ᠪᠠᠴᠢᠮ ᠲᠤᠯᠭᠠᠮ᠎ᠠ ᠪᠣᠯᠪᠠ᠃ ᠠᠶᠢᠮᠠᠭ ᠵᠢᠴᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶ᠎ᠠ ᠪᠥᠬᠦᠶ ᠨᠢᠭᠡᠴᠡ | ᠦᠳᠲᠡᠷ ᠲᠦᠷᠭᠡᠨ ᠰᠢᠭᠤᠷᠬᠠᠢ ᠬᠦᠳᠡᠯᠵᠦ᠂ ᠵᠣᠬᠢᠴᠠᠭᠤᠯᠤᠨ ᠬᠤᠯᠪᠣᠭᠠᠯᠠᠵᠦ᠂ ᠨᠢᠭᠲᠠ ᠬᠠᠮᠵᠢᠯᠴᠠᠨ᠂ ᠤᠯᠤᠰ ᠤᠨ | ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠵᠠᠰᠠᠭ ᠤᠨ ᠣᠷᠳᠣᠨ ᠤ ᠲᠤᠰᠬᠠᠶ | ᠲᠤᠰᠢᠶᠠᠯᠲᠤ ᠭᠠᠯ ᠤᠨᠲᠠᠷᠠᠭᠠᠬᠤ ᠠᠩᠭᠢ᠂ ᠥᠪᠡᠷᠲᠡᠭᠡᠨ ᠵᠠᠰᠠᠬᠤ ᠣᠷᠣᠨ ᠤ ᠠᠶᠤᠯᠲᠠᠶ ᠬᠢᠮᠢ ᠶᠢᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠶ ᠠᠩᠭᠢ᠂ ᠠᠶᠤᠯᠲᠠᠶ ᠬᠢᠮᠢ ᠶᠢᠨ ᠠᠵᠤ ᠠᠬᠤᠶᠢᠯᠠᠯ ᠤᠨ | ᠠᠶᠣᠯᠬᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠩᠭᠢ ᠶᠢ ᠰᠢᠯᠵᠢᠭᠦᠯᠦᠨ | ᠳᠦᠪᠯᠡᠷᠡᠬᠦᠯᠵᠦ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠡᠷᠭᠡ 38᠂ ᠰᠣᠷᠢᠯᠲᠠ ᠳᠤ | ᠣᠷᠣᠯᠴᠠᠭᠰᠠᠨ ᠬᠥᠮᠦᠰ 300 ᠭᠠᠷᠤᠶ ᠪᠠᠶᠢᠪᠠ᠃ ᠰᠣᠷᠢᠯᠲᠠ ᠳᠤ᠂ ᠠᠯᠠᠱᠠ ᠠᠶᠢᠮᠠᠭ ᠤᠨ ᠵᠢᠯᠣᠭᠤᠳᠬᠤ | ᠭᠠᠵᠠᠷ ᠤᠨ ᠠᠵᠢᠯᠯᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠬᠦᠷᠦᠭᠰᠡᠨ ᠤ ᠳᠠᠷᠠᠭ᠎ᠠ᠂ ᠠᠶᠢᠮᠠᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠵᠢᠯᠣᠭᠤᠳᠬᠤ ᠡᠷᠬᠡ ᠶᠢ ᠭᠥᠯᠢᠶᠡᠨ ᠠᠪᠴᠤ᠂ | ᠲᠤᠬᠠᠶ ᠶᠢᠨ ᠲᠠᠯᠠᠪᠠᠶ ᠶᠢᠨ ᠵᠢᠯᠣᠭᠤᠳᠣᠭᠴᠢ ᠮᠥᠩᠬᠡ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ 10 · 28 | ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠤᠨ ᠠᠪᠤᠷᠠᠨ ᠲᠤᠰᠠᠯᠠᠬᠤ ᠲᠤᠬᠠᠶ ᠶᠢᠨ ᠲᠠᠯᠠᠪᠠᠶ ᠶᠢᠨ ᠠᠵᠢᠯ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ | ᠪᠣᠯᠤᠨ ᠡᠯ᠎ᠡ ᠠᠵᠢᠯᠯᠠᠬᠤ ᠳᠤᠭᠤᠶᠢᠯᠠᠩ ᠲᠣᠰ ᠲᠣᠰ ᠶᠡᠷᠦᠩᠬᠡᠶ ᠵᠢᠯᠣᠭᠤᠳᠣᠭᠴᠢ ᠳᠤ ᠠᠳᠡᠯ ᠤᠨ ᠪᠠᠶᠢᠳᠠᠯ ᠵᠢᠴᠢ | ᠠᠪᠤᠷᠠᠨ ᠲᠤᠰᠠᠯᠠᠬᠤ ᠠᠬᠢᠴᠠ ᠶᠢ ᠮᠡᠳᠡᠭᠦᠯᠪᠡ᠃ | | | | | | | | | | | | | | | ᠤᠯᠤᠰ ᠤᠨ ᠠᠶᠤᠯᠲᠠᠢ ᠬᠢᠮᠢ ᠶᠢᠨ ᠪᠣᠳᠠᠰ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠳᠤᠮᠳᠠᠳᠤ ᠣᠷᠣᠨ ᠤ ᠴᠢᠯᠠᠭᠤᠨ ᠲᠣᠰᠣᠨ ᠤ ᠠᠭᠤᠷᠬᠠᠢ ᠶᠢᠨ ᠠᠩᠭᠢ ᠶᠢᠨ ᠲᠡᠷᠢᠭᠦᠨ ᠵᠡᠷᠭᠡ ᠶᠢᠨ ᠲᠤᠰᠬᠠᠢ | ᠮᠡᠷᠭᠡᠵᠢᠯᠲᠡᠨ ᠱᠢ ᠵᠠᠩ ᠹᠠᠩ ᠦᠨᠡᠯᠡᠯᠲᠡ ᠬᠢᠬᠦ ᠳᠡᠭᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠠᠵᠢᠯ ᠢ ᠨᠡᠩ ᠨᠠᠷᠢᠯᠢᠭ᠂ ᠨᠡᠩ ᠪᠣᠳᠠᠲᠠᠢ | ᠪᠣᠳᠣᠯᠬᠢᠯᠠᠵᠦ᠂ ᠪᠣᠯᠪᠠᠰᠤᠷᠠᠯ ᠲᠠᠢ᠂ ᠰᠢᠨᠵᠢᠯᠡᠬᠦ ᠤᠬᠠᠭᠠᠨᠴᠢ᠂ ᠲᠦᠷᠭᠡᠨ ᠰᠢᠭᠤᠷᠬᠠᠢ᠂ ᠳᠠᠭᠠᠭᠠᠮᠠᠭᠠᠢ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠩᠨᠡᠭᠡ ᠶᠢ ᠦᠨᠡᠨᠬᠦ ᠪᠠᠶᠢᠭᠤᠯᠬᠤ ᠬᠡᠷᠡᠭᠲᠡᠢ᠃ ᠡᠳᠦᠷ ᠲᠤᠲᠤᠮ ᠤᠨ | ᠪᠣᠯᠪᠠᠰᠤᠷᠠᠯ ᠢ ᠰᠠᠶᠢᠲᠤᠷ ᠬᠢᠵᠦ᠂ ᠪᠣᠯᠪᠠᠰᠤᠷᠠᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ | ᠲᠤᠰᠬᠠᠶ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠰᠢᠯᠢᠳᠡᠭᠵᠢᠭᠦᠯᠵᠦ᠂ ᠠᠵᠢᠯᠲᠠᠨ ᠤ ᠬᠡᠪ ᠴᠢᠨᠠᠷ ᠪᠠ | ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠣᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠰᠢᠨ᠎ᠡ ᠠᠷᠭ᠎ᠠ | ᠮᠠᠶ᠋ᠢᠭ ᠢ ᠢᠳᠡᠪᠬᠢᠲᠡᠶ ᠰᠦᠪᠡᠭᠴᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠶ᠃ | ᠣᠳᠣᠬᠠᠨ ᠤ ᠬᠦᠨᠳᠦ ᠨᠣᠴᠢᠲᠠᠢ ᠠᠶᠤᠯ ᠤᠨ ᠡᠬᠢ ᠰᠤᠷᠪᠤᠯᠵᠢ ᠶᠢᠨ ᠲᠤᠰᠬᠠᠢ ᠪᠠᠶᠢᠴᠠᠭᠠᠯᠲᠠ ᠲᠠᠢ ᠤᠶᠠᠯᠳᠤᠭᠤᠯᠵᠤ | ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠶᠤᠯᠲᠠᠢ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ | ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠪᠠ᠃ | ᠪᠠᠢ ᠬᠠᠢ ᠯᠢᠨ ᠲᠤᠬᠠᠢ ᠶᠢᠨ ᠲᠠᠯᠠᠪᠠᠢ ᠳᠤ ᠳ᠋ᠦᠩᠨᠡᠨ ᠦᠨᠡᠯᠡᠬᠦ ᠳᠡᠭᠡᠨ᠂ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ | ᠪᠠᠶᠢᠩᠭᠤ ᠰᠣᠨᠣᠷ ᠰᠡᠷᠡᠮᠵᠢ ᠲᠠᠢ ᠪᠠᠶᠢᠵᠤ᠂ ᠠᠮᠤᠷ ᠲᠦᠪᠰᠢᠨ ᠪᠠᠶᠢᠬᠤ ᠡᠨᠡᠬᠦ ᠬᠤᠷᠢᠭ᠎ᠠ ᠱᠤᠭᠤᠮ ᠤᠯᠠᠭᠠᠨ | ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠠᠵᠤ | ᠠᠬᠤᠶᠢᠯᠠᠯ᠂ ᠴᠢᠬᠤᠯᠠ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ | ᠴᠢᠩᠭᠠᠷᠠᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠡᠷᠭᠡᠶᠢᠯᠡᠬᠦ ᠪᠠᠷ ᠭᠤᠣᠯ | ᠪᠣᠯᠭᠠᠬᠤ᠂ ᠰᠡᠷᠭᠡᠶᠢᠯᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠴᠢᠳᠠᠪᠤᠷᠢ ᠪᠣᠯᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠶᠠᠪᠤᠴᠠ᠂ ᠪᠦᠬᠦ | ᠬᠦᠴᠦᠨ ᠵᠦᠢᠯ ᠤᠨ ᠪᠣᠳᠠᠲᠤ ᠰᠣᠷᠢᠯᠲᠠ ᠶᠢ ᠪᠠᠶᠢᠩᠭᠤ ᠥᠷᠨᠢᠭᠦᠯᠵᠦ᠂ ᠠᠳᠡᠯ ᠭᠠᠷᠪᠠᠯ ᠦᠳᠲᠡᠷ ᠲᠦᠷᠭᠡᠨ | ᠰᠢᠭᠤᠷᠬᠠᠢ ᠬᠦᠳᠡᠯᠵᠦ᠂ ᠡᠷᠡᠰ ᠰᠢᠭᠤᠷᠬᠠᠢ ᠪᠠᠷ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠷᠴᠢ ᠵᠣᠷᠢᠭ ᠢᠶᠠᠨ | ᠬᠥᠪᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠮᠤᠷ ᠲᠦᠪᠰᠢᠨ ᠢ ᠢᠮᠠᠭᠲᠠ ᠬᠢᠨᠠᠭᠤᠷ ᠪᠣᠯᠭᠤᠮᠵᠢᠲᠠᠢ | ᠪᠠᠲᠤᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ | ᠬᠠᠮᠠᠭᠠᠯᠠᠬᠤ ᠬᠡᠷᠡᠭᠲᠡᠢ ᠭᠡᠪᠡ᠃ | | | | | | | | | | | | | | | | ᠡᠯ᠎ᠡ ᠬᠤᠰᠢᠭᠤ ᠣᠷᠣᠨ ᠤ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠵᠢᠴᠢ | ᠠᠶᠢᠮᠠᠭ᠂ ᠬᠤᠰᠢᠭᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠠᠶᠤᠯᠲᠠᠶ ᠬᠢᠮᠢ ᠶᠢᠨ ᠪᠣᠳᠠᠰ ᠦᠢᠯᠡᠳᠪᠦᠷᠢᠯᠡᠬᠦ | ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠬᠠᠶ ᠶᠢᠨ ᠲᠠᠯᠠᠪᠠᠶ ᠳᠤ ᠬᠦᠷᠴᠦ ᠲᠣᠭᠤᠷᠢᠨ ᠦᠵᠡᠵᠦ ᠰᠤᠷᠤᠯᠴᠠᠵᠤ᠂ | ᠪᠥᠬᠦ ᠣᠷᠣᠨ ᠤ ᠡᠯ᠎ᠡ ᠠᠶᠢᠮᠠᠭ ᠬᠤᠲᠠ ᠬᠠᠮᠢᠶ᠎ᠠ ᠪᠥᠬᠦᠶ ᠭᠠᠵᠠᠷ ᠣᠷᠣᠨ ᠵᠢᠴᠢ ᠰᠠᠯᠠᠭ᠎ᠠ ᠮᠥᠴᠢᠷ᠂ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠰᠣᠷᠢᠯᠲᠠ ᠶᠢ ᠦᠵᠡᠬᠦᠯᠪᠡ᠃ |