ᠣᠶᠢᠷ᠎ᠠ ᠶᠢᠨ ᠡᠳᠦᠷ᠂ ᠠᠶᠢᠮᠠᠭ ᠤᠨ ᠵᠠᠬᠢᠷᠭ᠎ᠠ ᠶᠢᠨ ᠰᠣᠨᠢᠨ ᠮᠡᠳᠡᠭᠡᠨ ᠤ ᠠᠯᠪᠠᠨ ᠭᠡᠷ 2024 ᠣᠨ ᠤ | ᠲᠦᠷᠦᠭᠦᠦ ᠭᠤᠷᠪᠠᠨ ᠤᠯᠠᠷᠢᠯ ᠤᠨ ᠪᠦᠬᠦ ᠠᠶᠢᠮᠠᠭ ᠤᠨ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ᠂ 2024 ᠣᠨ ᠤ ᠲᠦᠷᠦᠭᠦᠦ ᠭᠤᠷᠪᠠᠨ ᠤᠯᠠᠷᠢᠯ ᠤᠨ ᠮᠠᠯ ᠠᠵᠤ | ᠠᠬᠤᠢ ᠲᠠᠷᠢᠶᠠᠯᠠᠩ ᠤᠨ ᠦᠢᠯᠡᠳᠪᠦᠷᠢᠯᠡᠯ᠂ ᠠᠵᠤ ᠦᠢᠯᠡᠳᠪᠦᠷᠢ ᠶᠢᠨ ᠠᠵᠤ ᠠᠬᠤᠢ ᠪᠣᠯᠤᠨ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠵᠡᠷᠭᠡ ᠪᠠᠶᠢᠳᠠᠯ ᠢ ᠨᠡᠶᠢᠲᠡᠯᠡᠭᠰᠡᠨ ᠪᠠᠶᠢᠨ᠎ᠠ᠃ | ᠲᠦᠷᠦᠭᠦᠦ ᠭᠤᠷᠪᠠᠨ ᠤᠯᠠᠷᠢᠯ ᠳᠤ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠳᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ | ᠠᠵᠢᠯ ᠤᠨ ᠭᠤᠣᠯ ᠱᠤᠭᠤᠮ ᠢᠶᠠᠨ ᠪᠣᠯᠭᠠᠬᠤ ᠶᠢ ᠪᠠᠷᠢᠮᠲᠠᠯᠠᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠤᠨ᠂ | ᠬᠡᠷᠡᠭᠴᠡᠭᠡ ᠶᠢ ᠥᠷᠭᠡᠳᠭᠡᠵᠦ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠤᠨ᠂ ᠭᠠᠵᠠᠷ ᠣᠷᠣᠨ ᠤ ᠠᠵᠤ | ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠳᠤᠯᠠᠵᠦ᠂ ᠦᠢᠯᠡᠳᠪᠦᠷᠢᠯᠡᠯ ᠤᠨ ᠬᠡᠷᠡᠭᠴᠡᠭᠡ | ᠶᠢ ᠲᠣᠭᠲᠠᠭᠤᠨ ᠢᠶᠠᠷ ᠨᠡᠮᠡᠭᠳᠡᠭᠦᠯᠤᠨ᠂ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠪᠠ᠃ | ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ | ᠳ᠋ᠦᠩ ᠢ ᠦᠨᠳᠦᠰᠦᠯᠡᠪᠡᠯ᠂ ᠲᠦᠷᠦᠭᠦᠤ ᠭᠤᠷᠪᠠᠨ ᠤᠯᠠᠷᠢᠯ ᠳᠤ ᠪᠦᠬᠦ ᠠᠶᠢᠮᠠᠭ ᠤᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 297.4 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠷᠠᠬᠤ | ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠵᠡᠶ᠃ ᠠᠵᠤ ᠦᠢᠯᠡᠰ ᠤᠨ | ᠪᠦᠲᠦᠴᠠ ᠪᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 8.4 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 189.6 ᠳ᠋ᠦᠩᠰᠢᠭᠤᠷ ᠲᠥᠭᠦᠷᠢᠭ ᠲᠤ ᠬᠦᠷᠴᠦ᠂ 8.3% ᠪᠠᠷ ᠨᠡᠮᠡᠭᠳᠡᠪᠡ︔ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 99.4 ᠳ᠋ᠦᠩᠰᠢᠭᠤᠷ ᠲᠥᠭᠦᠷᠢᠭ ᠲᠤ ᠬᠦᠷᠴᠦ᠂ 3. | 9% ᠪᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.4% ᠪᠠᠷ ᠨᠡᠮᠡᠭᠳᠡᠵᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠨ᠂ | ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠠᠬᠤᠶ ᠶᠢᠨ ᠦᠢᠯᠡᠳᠬᠦᠨ ᠤ ᠶᠡᠷᠦᠩᠬᠡᠢ ᠥᠷᠲᠡᠭ | 14.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠭᠰᠡᠨ | ᠪᠠᠶᠢᠨ᠎ᠠ᠃ |